ᠬᠤᠩᠱᠠᠨ ᠲᠣᠭᠤᠷᠢᠭ ︽ᠬᠠᠭᠤᠴᠢᠨ ᠢᠶᠠᠷ ᠰᠢᠨ᠎ᠡ ᠶᠢ ᠰᠣᠯᠢᠬᠤ ᠨᠦᠬᠦᠪᠦᠷᠢ︾ ᠶᠢᠨ ᠠᠵᠢᠯᠯᠠᠭᠠᠨ ᠶᠠᠪᠤᠭᠳᠠᠭᠤᠯᠵᠤ ᠠᠷᠪᠠᠨ ᠰᠠᠷ᠎ᠠ ᠶᠢᠨ ᠠᠯᠲᠠᠨ ᠭᠠᠷᠠᠭ ᠤᠨ ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡᠨ ᠤ ᠬᠠᠯᠠᠮᠰᠢᠯ ᠢ ᠠᠪᠴᠢᠷᠠᠪᠠ
ᠨᠡᠶᠢᠲᠡᠯᠡᠭᠰᠡᠨ ᠴᠠᠭ᠄
2024/10/14
       ᠬᠡᠷᠡᠭᠯᠡᠭᠡᠨ ᠤ ᠲᠤᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠠᠬᠢᠭᠤᠯᠵᠤ᠂  ᠬᠡᠷᠡᠭᠯᠡᠭᠡ ᠶᠢᠨ ᠠᠵᠤ ᠠᠬᠤᠢ ᠶᠢᠨ ᠬᠦᠭᠵᠢᠯᠲᠡ ᠳᠤ ᠦᠵᠡᠭᠦᠯᠬᠦ ᠰᠠᠭᠤᠷᠢ ᠴᠢᠨᠠᠷᠲᠠᠢ ᠦᠢᠯᠡᠳᠦᠯ ᠢ ᠴᠢᠩᠭᠠᠷᠠᠭᠤᠯᠵᠤ᠂  ᠰᠠᠭᠤᠭᠠᠯᠢ ᠠᠷᠠᠳ ᠤᠨ ᠬᠡᠷᠡᠭᠯᠡᠭᠡᠨ ᠤ ᠨᠢᠭᠤᠭᠳᠠᠮᠠᠯ ᠬᠦᠴᠦᠨ ᠢ ᠢᠳᠡᠪᠬᠢᠵᠢᠭᠦᠯᠬᠦ ᠶᠢᠨ ᠲᠥᠯᠦᠭᠡ ᠬᠤᠩᠱᠠᠨ ᠲᠣᠭᠤᠷᠢᠭ ᠬᠡᠷᠡᠭᠯᠡᠭᠡᠨ ᠤ ᠰᠢᠨ᠎ᠡ ᠬᠠᠨᠳᠤᠰᠢ ᠳᠤ ᠵᠤᠬᠢᠴᠠᠭᠤᠯᠤᠨ᠂ ᠬᠦᠯᠳᠡᠭᠡᠭᠦᠷ᠂  ᠲᠧᠯᠸᠢᠰ ᠵᠡᠷᠭᠡ 15  ᠲᠦᠷᠦᠯ ᠤᠨ ᠭᠡᠷ ᠤᠨ ᠴᠠᠬᠢᠯᠭᠠᠨ ᠬᠡᠷᠡᠭᠰᠡᠯ ᠳᠤ 15% - 20%  ᠶᠢᠨ ᠨᠦᠬᠦᠪᠦᠷᠢ ᠣᠯᠭᠤᠪᠠ᠃  ᠬᠠᠢ ᠳ᠋ᠠ ᠡᠯᠧᠺᠲᠷᠤᠨ᠂ ᠢ ᠰᠢᠦ᠋ᠩ ᠭᠡᠷ ᠤᠨ ᠴᠠᠬᠢᠯᠭᠠᠨ᠂ ᠵᠢᠩ ᠳ᠋ᠦᠩ ᠴᠠᠬᠢᠯᠭᠠᠨ ᠬᠡᠷᠡᠭᠰᠡᠯ᠂ ᠴᠢᠶᠤᠤ ᠪᠸᠢ ᠸᠠᠨ ᠱᠠᠩ ᠭᠡᠷ ᠤᠨ ᠴᠠᠬᠢᠯᠭᠠᠨ ᠵᠡᠷᠭᠡ 7 ᠠᠵᠤ ᠠᠬᠤᠶᠢᠯᠠᠯ ᠲᠤᠰ ᠤᠳᠠᠭᠠᠨ ᠤ ᠠᠵᠢᠯᠯᠠᠭᠠᠨ ᠳᠤ ᠣᠷᠣᠯᠴᠠᠵᠤ᠂ ᠠᠷᠠᠯᠵᠢᠶᠠᠴᠢᠨ ᠡᠷᠦᠬᠡ ᠠᠰᠠᠭᠤᠨ ᠯᠠᠪᠯᠠᠬᠤ ᠲᠠᠶᠢᠰᠠ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠬᠤᠢ ᠲᠠᠯᠠᠪᠠᠢ ᠳᠤ ᠲᠠᠶᠢᠯᠪᠤᠷᠢ ᠢᠯᠡᠳᠬᠡᠯ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠬᠡᠷᠡᠭᠯᠡᠭᠴᠢᠳ ᠲᠤ ︽ᠬᠠᠭᠤᠴᠢᠨ ᠢᠶᠠᠷ ᠰᠢᠨ᠎ᠡ ᠶᠢ ᠰᠣᠯᠢᠬᠤ︾  ᠠᠵᠢᠯᠯᠠᠭᠠᠨ ᠤ ᠠᠯᠬᠤᠮ ᠳᠠᠷᠠᠭ᠎ᠠ ᠵᠢᠴᠢ ᠨᠦᠬᠦᠪᠦᠷᠢ ᠶᠢᠨ ᠮᠦᠩᠭᠦ ᠶᠢ ᠨᠠᠷᠢᠯᠢᠭ ᠲᠠᠨᠢᠯᠴᠠᠭᠤᠯᠪᠠ᠃        ᠠᠷᠪᠠᠨ ᠰᠠᠷ᠎ᠠ ᠶᠢᠨ ᠠᠯᠲᠠᠨ ᠭᠠᠷᠠᠭ ᠤᠨ ᠬᠤᠭᠤᠴᠠᠭᠠᠨ ᠳᠤ ᠬᠦᠯᠳᠡᠭᠡᠭᠦᠷ᠂ ᠬᠤᠪᠴᠠᠰᠤ ᠤᠭᠢᠶᠠᠬᠤ ᠮᠠᠰᠢᠨ ᠵᠡᠷᠭᠡ ᠭᠡᠷ ᠤᠨ ᠴᠠᠬᠢᠯᠭᠠᠨ ᠤ ᠪᠤᠷᠤᠯᠠᠭᠤᠯᠭ᠎ᠠ ᠦᠷᠭᠦᠯᠵᠢᠯᠡᠨ ᠨᠡᠮᠡᠭᠳᠡᠵᠦ᠂ ᠳᠡᠯᠭᠡᠭᠦᠷ ᠤᠨ ᠵᠣᠴᠢᠳ ᠤᠨ ᠬᠡᠮᠵᠢᠶ᠎ᠡ 35.7%  ᠪᠠᠷ ᠳᠡᠭᠡᠭᠰᠢᠯᠡᠵᠦ᠂  2800 ᠭᠠᠷᠤᠢ ᠭᠡᠷ ᠤᠨ ᠴᠠᠬᠢᠯᠭᠠᠨ ᠬᠡᠷᠡᠭᠰᠡᠯ ᠢ ᠪᠤᠷᠤᠯᠠᠭᠤᠯᠵᠤ᠂  ᠬᠡᠰᠡᠭᠯᠡᠨ ᠪᠤᠷᠤᠯᠠᠭᠤᠯᠤᠭᠰᠠᠨ ᠲᠤᠭ᠎ᠠ  ᠪᠠᠷᠤᠭ 750 ᠲᠥᠮᠡᠨ ᠲᠦᠭᠦᠷᠢᠭ ᠃
 
ᠢᠷᠡᠯᠲᠡ᠄ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号