ᠰᠢ ᠶᠢᠨ ᠫᠢᠩ ᠯᠢᠮᠠ ᠳᠤ ᠬᠦᠷᠴᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠣᠯᠴᠠᠬᠤ ᠪᠥᠭᠡᠳ ᠫᠧᠷᠦ᠋ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠡᠭᠡᠵᠢᠩ ᠠᠴᠠ ᠮᠣᠷᠳᠠᠪᠠ
ᠨᠡᠶᠢᠲᠡᠯᠡᠭᠰᠡᠨ ᠴᠠᠭ᠄
2024/11/14
    ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 13 ᠤ ᠴᠠᠬᠢᠯᠭᠠᠨ ᠮᠡᠳᠡᠭᠡ 11 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠦᠭᠦᠳᠡ ᠨᠠᠶᠢᠷᠠᠮᠳᠠᠬᠤ ᠫᠧᠷᠦ᠋ ᠤᠯᠤᠰ ᠤᠨ ᠶᠡᠷᠦᠩᠬᠡᠶᠢᠯᠡᠭᠴᠢ ᠪᠦᠷᠤ᠋ ᠊ ᠠᠷᠲ᠋ᠧ ᠶᠢᠨ ᠤᠷᠢᠯᠭ᠎ᠠ ᠪᠠᠷ᠂ ᠯᠢᠮᠠ ᠳᠤ ᠬᠦᠷᠴᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠣᠯᠴᠠᠬᠤ ᠪᠥᠭᠡᠳ ᠫᠧᠷᠦ᠋ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠰᠬᠠᠢ ᠨᠢᠰᠬᠡᠯ ᠢᠶᠠᠷ ᠪᠡᠭᠡᠵᠢᠩ ᠠᠴᠠ ᠮᠣᠷᠳᠠᠪᠠ᠃            ᠰᠢ ᠶᠢᠨ ᠫᠢᠩ ᠳᠤ ᠪᠠᠷ᠎ᠠ ᠪᠣᠯᠵᠤ ᠠᠶᠢᠯᠴᠢᠯᠠᠭᠰᠠᠳ ᠲᠤ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠨᠠᠷ ᠪᠣᠢ᠃
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号