| | ᠨᠢᠭᠡ ᠳᠤ ᠴᠡᠷᠢᠭ ᠠᠴᠠ ᠬᠠᠯᠠᠭᠳᠠᠭᠰᠠᠳ ᠲᠤ ᠠᠵᠢᠯ ᠡᠯᠰᠡᠯᠲᠡ ᠶᠢᠨ ᠲᠤᠰᠬᠠᠢ ᠲᠠᠯᠠᠪᠠᠢ ᠲᠣᠬᠢᠷᠠᠭᠤᠯᠪᠠ᠃ | ᠴᠡᠷᠢᠭ ᠠᠴᠠ ᠬᠠᠯᠠᠭᠳᠠᠭᠰᠠᠳ ᠪᠠ ᠠᠵᠤ ᠠᠬᠤᠶᠢᠯᠠᠯ ᠳᠤ ᠬᠤᠤᠰ ᠴᠢᠭᠯᠡᠯ ᠤᠨ ᠬᠠᠷᠢᠯᠴᠠᠭᠠᠨ ᠤ ᠲᠠᠪᠴᠠᠩ | ᠬᠠᠩᠭᠠᠵᠤ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠵᠡᠷᠭᠡ ᠰᠦᠯᠵᠢᠶᠡᠨ ᠤ ᠠᠷᠭ᠎ᠠ ᠵᠠᠮ ᠲᠤ ᠲᠥᠰᠢᠭᠯᠡᠨ᠂ | ᠠᠵᠢᠯ ᠣᠯᠭᠤᠯᠲᠠ ᠶᠢᠨ ᠰᠤᠷᠠᠭ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠴᠡᠷᠢᠭ ᠠᠴᠠ ᠬᠠᠯᠠᠭᠳᠠᠭᠰᠠᠳ ᠤᠨ | ᠴᠡᠷᠢᠭ ᠤᠨ ᠬᠤᠸᠠᠷᠠᠨ ᠠᠴᠠ ᠠᠵᠢᠯ ᠤᠨ ᠪᠠᠶᠢᠷᠢᠨ ᠳᠤ ᠰᠢᠯᠵᠢᠬᠦ ᠳᠤ ᠪᠦᠲᠦᠮᠵᠢᠲᠡᠢ ᠲᠤᠰᠠᠯᠠᠪᠠ᠃ ᠵᠢᠯ ᠤᠨ | ᠡᠬᠢᠨ ᠠᠴᠠ ᠬᠤᠶᠠᠷ ᠤᠳᠠᠭᠠᠨ ᠤ ᠲᠤᠰᠬᠠᠢ ᠲᠠᠯᠠᠪᠠᠢ ᠠᠵᠢᠯ ᠡᠯᠰᠡᠯᠲᠡ ᠶᠢᠨ ᠬᠤᠷᠠᠯ ᠵᠤᠬᠢᠶᠠᠨ ᠪᠠᠶᠢᠭᠤᠯᠵᠤ᠂ 60 | ᠭᠠᠷᠤᠢ ᠠᠵᠤ ᠠᠬᠤᠶᠢᠯᠠᠯ ᠬᠤᠷᠠᠯ ᠳᠤ ᠣᠷᠣᠯᠴᠠᠵᠤ᠂ 400 ᠭᠠᠷᠤᠢ ᠠᠵᠢᠯ ᠤᠨ ᠪᠠᠶᠢᠷᠢ ᠬᠠᠩᠭᠠᠵᠤ᠂ ᠨᠠᠶᠠᠭᠠᠳ | ᠴᠡᠷᠢᠭ ᠠᠴᠠ ᠬᠠᠯᠠᠭᠳᠠᠭᠰᠠᠳ ᠠᠵᠢᠯ ᠡᠯᠰᠡᠯᠲᠡ ᠳᠤ ᠣᠷᠣᠯᠴᠠᠵᠤ᠂ ᠰᠦᠯᠵᠢᠶᠡᠨ ᠳᠤ ᠨᠡᠶᠢᠲᠡ 270 ᠭᠠᠷᠤᠢ | ᠦᠢᠯᠡᠰ ᠪᠤᠰᠬᠠᠬᠤ ᠠᠵᠢᠯ ᠣᠯᠭᠤᠬᠤ ᠰᠤᠷᠠᠭ ᠵᠠᠩᠭᠢ ᠨᠡᠶᠢᠲᠡᠯᠡᠵᠦ᠂ ᠳᠠᠷᠤᠮ ᠤᠨ ᠲᠤᠭ᠎ᠠ 4000 ᠭᠠᠷᠤᠢ | ᠬᠦᠮᠦᠨ ᠤᠳᠠᠭ᠎ᠠ ᠶᠢ ᠳᠠᠪᠠᠪᠠ᠃ | | | ᠬᠤᠶᠠᠷ ᠲᠤ ᠬᠦᠯᠦᠰᠦᠨ ᠲᠠᠷᠢᠶᠠᠴᠢᠨ ᠤ ᠬᠤᠲᠠ ᠳᠤ ᠰᠠᠭᠤᠭᠠᠯᠢᠵᠢᠬᠤ ᠠᠰᠠᠭᠤᠳᠠᠯ ᠢ ᠤᠶᠢᠯᠠᠭᠠᠨ | ᠰᠢᠢᠳᠪᠦᠷᠢᠯᠡᠪᠡ᠃ ᠡᠷᠦᠬᠡ ᠳᠤ ᠭᠦᠨᠵᠡᠭᠡᠶᠢᠷᠡᠵᠦ ᠰᠤᠷᠪᠤᠯᠵᠢᠯᠠᠬᠤ ᠠᠷᠭ᠎ᠠ ᠪᠠᠷ ᠬᠦᠯᠦᠰᠦᠨ ᠲᠠᠷᠢᠶᠠᠴᠢᠨ ᠵᠢᠴᠢ | ᠳᠠᠭᠠᠵᠤ ᠨᠡᠭᠦᠭᠰᠡᠨ ᠭᠡᠷ ᠪᠦᠯᠢ ᠶᠢᠨ ᠬᠢᠨ ᠤ ᠠᠵᠢᠯ ᠣᠯᠭᠤᠯᠲᠠ᠂ ᠡᠷᠡᠭᠦᠯ ᠴᠢᠬᠢᠷᠠᠭ ᠵᠢᠴᠢ ᠨᠠᠰᠤᠵᠢᠯ ᠤᠨ | ᠠᠰᠠᠷᠠᠮᠵᠢ᠂ ᠠᠮᠢᠳᠤᠷᠠᠯ ᠤᠨ ᠬᠡᠷᠡᠭᠯᠡᠭᠡᠨ ᠤ ᠪᠠᠶᠢᠳᠠᠯ ᠪᠠ ᠬᠦᠯᠦᠰᠦᠨ ᠲᠠᠷᠢᠶᠠᠴᠢᠨ ᠤ ᠬᠤᠲᠠ ᠳᠤ ᠰᠠᠭᠤᠷᠢᠰᠢᠬᠤ | ᠬᠦᠰᠡᠯ ᠰᠠᠨᠠᠮᠵᠢ ᠵᠡᠷᠭᠡ ᠠᠰᠠᠭᠤᠳᠠᠯ ᠢ ᠰᠣᠳᠣᠯᠵᠤ᠂ ᠬᠤᠲᠠ ᠳᠤ ᠣᠷᠣᠭᠰᠠᠨ ᠬᠦᠯᠦᠰᠦᠨ ᠲᠠᠷᠢᠶᠠᠴᠢᠨ ᠤ ᠦᠢᠯᠡᠰ | ᠪᠦᠲᠦᠭᠡᠬᠦ ᠠᠵᠢᠯ ᠣᠯᠭᠤᠬᠤ᠂ ᠬᠦᠳᠡᠯᠮᠦᠷᠢ ᠶᠢᠨ ᠪᠠᠲᠤᠯᠠᠭ᠎ᠠ ᠶᠢᠨ ᠡᠷᠬᠡ ᠶᠢ ᠨᠠᠶᠢᠳᠠᠪᠤᠷᠢᠵᠢᠭᠤᠯᠬᠤ᠂ ᠬᠤᠲᠠ | ᠪᠠᠯᠭᠠᠰᠤᠨ ᠤ ᠡᠷᠦᠬᠡ ᠠᠮᠠ ᠲᠠᠢ ᠪᠣᠯᠬᠤ ᠵᠢᠴᠢ ᠨᠡᠶᠢᠭᠡᠮ ᠲᠠᠢ ᠠᠭᠤᠰᠤᠯᠴᠠᠬᠤ ᠵᠡᠷᠭᠡ ᠲᠠᠯ᠎ᠠ ᠶᠢᠨ ᠪᠠᠶᠢᠳᠠᠯ ᠢ ᠴᠠᠭ | ᠲᠤᠬᠠᠢ ᠳᠤᠨᠢ ᠪᠦᠬᠦ ᠲᠠᠯ᠎ᠠ ᠪᠠᠷ ᠤᠶᠢᠯᠠᠭᠠᠵᠤ᠂ ᠬᠦᠯᠦᠰᠦᠨ ᠲᠠᠷᠢᠶᠠᠴᠢᠨ ᠤ ᠲᠤᠬᠠᠢ ᠲᠥᠷᠥ ᠶᠢᠨ ᠪᠣᠳᠤᠯᠭ᠎ᠠ ᠶᠢ | ᠰᠢᠨᠵᠢᠯᠡᠬᠦ ᠤᠬᠠᠭᠠᠨᠴᠢ ᠪᠠᠷ ᠲᠤᠭᠲᠠᠭᠠᠵᠤ᠂ ᠬᠦᠯᠦᠰᠦᠨ ᠲᠠᠷᠢᠶᠠᠴᠢᠨ ᠳᠤ ᠦᠢᠯᠡᠴᠢᠯᠡᠬᠦ ᠶᠢ ᠴᠢᠩᠭᠠᠳᠬᠠᠬᠤ ᠪᠠ | ᠰᠠᠶᠢᠵᠢᠷᠠᠭᠤᠯᠬᠤ ᠳᠤ ᠪᠠᠲᠤᠲᠠᠢ ᠦᠨᠳᠦᠰᠦᠯᠡᠯ ᠬᠠᠩᠭᠠᠪᠠ᠃ ᠣᠳᠤᠬᠠᠨ ᠪᠣᠯᠲᠠᠯ᠎ᠠ ᠨᠢᠭᠡᠨᠲᠡ 30 ᠭᠠᠷᠤᠢ ᠤᠳᠠᠭ᠎ᠠ | ᠡᠷᠦᠬᠡ ᠳᠤ ᠰᠤᠷᠪᠤᠯᠵᠢᠯᠠᠪᠠ᠃ | | | ᠭᠤᠷᠪᠠ ᠳᠤ ᠵᠠᠯᠠᠭᠤᠴᠤᠳ ᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠬᠠᠩᠭᠠᠪᠠ᠃ | ᠰᠢᠯᠢᠳᠡᠭ ᠵᠠᠯᠠᠭᠤ ᠴᠢᠳᠠᠪᠤᠷᠢᠲᠠᠨ ᠢ ᠢᠯᠡᠷᠡᠭᠦᠯᠬᠦ᠂ ᠬᠦᠲᠦᠯᠦᠨ ᠵᠢᠯᠤᠭᠤᠳᠴᠤ ᠬᠦᠮᠦᠵᠢᠭᠦᠯᠬᠦ ᠪᠠ ᠳᠡᠮᠵᠢᠬᠦ | ᠬᠦᠴᠦᠯᠡᠴᠡ ᠪᠠᠨ ᠴᠢᠩᠭᠠᠳᠬᠠᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠭᠤᠣᠯᠳᠠᠯᠭ᠎ᠠ ᠲᠠᠢ | ᠳᠤᠪᠤᠶᠢᠯᠭᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠦᠷᠭᠡᠳᠬᠡᠬᠦ ᠪᠠ ᠴᠢᠨᠰᠠᠭ᠎ᠠ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠳᠤᠤᠷ᠎ᠠ ᠵᠠᠬ᠎ᠠ ᠶᠢ ᠪᠠᠲᠤᠯᠠᠬᠤ ᠲᠦᠪᠬᠢᠨᠡᠭᠦᠯᠬᠦ ᠲᠤᠭᠲᠠᠭᠤᠨ | ᠠᠵᠢᠯ ᠣᠯᠭᠤᠬᠤ ᠠᠵᠢᠯ ᠶᠠᠪᠤᠳᠠᠯ ᠢ ᠰᠠᠶᠢᠲᠤᠷ ᠬᠢᠪᠡ᠃ ᠤᠳᠤᠬᠠᠨ ᠪᠣᠯᠲᠠᠯ᠎ᠠ 23 ᠪᠠᠶᠢᠭᠤᠯᠭ᠎ᠠ ᠶᠢᠨ | ᠴᠢᠳᠠᠪᠤᠷᠢᠲᠠᠨ ᠤ ᠨᠦᠭᠡᠴᠡ ᠶᠢᠨ ᠲᠥᠯᠦᠪᠯᠡᠭᠡ ᠶᠢᠨ ᠪᠠᠶᠢᠷᠢ ᠳᠤ 337 ᠴᠢᠳᠠᠪᠤᠷᠢᠲᠠᠨ ᠡᠯᠰᠡᠵᠦ᠂ 54 ᠬᠦᠮᠦᠨ | ᠲᠠᠢ ᠴᠢᠳᠠᠪᠤᠷᠢᠲᠠᠨ ᠤ ᠨᠦᠭᠡᠴᠡ ᠶᠢᠨ ᠭᠡᠷ᠎ᠡ ᠲᠤᠭᠲᠠᠵᠤ᠂ ᠬᠠᠷᠢᠶ᠎ᠠ ᠣᠷᠣᠨ ᠤ 12 ᠳᠠᠲᠤᠯᠭᠠ ᠶᠢᠨ ᠰᠠᠭᠤᠷᠢᠨ | 347 ᠳᠠᠲᠤᠯᠭᠠ ᠶᠢᠨ ᠠᠵᠢᠯ ᠤᠨ ᠪᠠᠶᠢᠷᠢ ᠬᠠᠩᠭᠠᠵᠤ᠂ 142 ᠬᠦᠮᠦᠨ ᠲᠠᠳᠤᠯᠭ᠎ᠠ ᠶᠢᠨ ᠭᠡᠷ᠎ᠡ ᠲᠤᠭᠲᠠᠵᠤ᠂ | ᠡᠭᠦᠨ ᠳᠤ 76 ᠨᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠤᠯᠤᠨ᠎ᠠ᠃ | | | | | | | | | | | | | | | | | | | | | | ᠁ |