| | ᠨᠢᠭᠡ ᠳᠤ ᠠᠳᠠᠯ ᠠᠬᠤᠢ ᠶᠢᠨ ᠵᠢᠯᠤᠭᠤᠳᠤᠨ ᠪᠠᠶᠢᠭᠤᠯᠬᠤ ᠬᠡᠯᠪᠡᠷᠢ ᠶᠢ ᠰᠢᠯᠢᠳᠡᠭᠵᠢᠭᠦᠯᠪᠡ᠃ | ᠳᠠᠭᠠᠭᠠᠴᠢᠯᠠᠯᠲᠠ ᠵᠠᠷᠯᠠᠬᠤ ᠵᠡᠷᠭᠡ ᠠᠯᠬᠤᠮ ᠳᠠᠷᠠᠭ᠎ᠠ ᠪᠠᠷ ᠠᠳᠠᠯ ᠠᠬᠤᠢ ᠶᠢᠨ ᠬᠠᠮᠢᠶᠠᠷᠤᠯᠲᠠ ᠦᠭᠡᠢ ᠰᠠᠭᠤᠭᠠᠯᠢ | ᠲᠤᠭᠤᠷᠢᠭ ᠲᠤ ᠠᠳᠠᠯ ᠠᠬᠤᠢ ᠶᠢᠨ ᠠᠵᠤ ᠠᠬᠤᠶᠢᠯᠠᠯ ᠢ ᠤᠷᠢᠵᠤ ᠣᠷᠤᠭᠤᠯᠤᠨ᠂ ᠭᠤᠷᠪᠠᠨ ᠰᠠᠷ᠎ᠠ ᠲᠤᠷᠰᠢᠨ | ᠬᠡᠷᠡᠭᠯᠡᠭᠰᠡᠨ ᠤ ᠳᠠᠷᠠᠭ᠎ᠠ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠦᠨᠳᠦᠰᠦᠯᠡᠨ ᠭᠡᠷ᠎ᠡ ᠲᠤᠭᠲᠠᠪᠠ᠃ | ᠠᠳᠠᠯ ᠠᠬᠤᠢ ᠶᠢᠨ ᠠᠵᠤ ᠠᠬᠤᠶᠢᠯᠠᠯ ᠢ ᠤᠷᠢᠨ ᠤᠷᠤᠭᠤᠯᠵᠤ ᠳᠡᠶᠢᠯᠬᠦ ᠦᠭᠡᠢ ᠨᠡᠶᠢᠭᠡᠮ ᠲᠤᠭᠤᠷᠢᠭ ᠲᠤ | ᠬᠠᠨᠳᠤᠭᠤᠯᠤᠨ᠂ ᠨᠡᠶᠢᠭᠡᠮ ᠲᠤᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠠᠳᠠᠯ ᠠᠬᠤᠢ ᠶᠢᠨ ᠠᠵᠤ | ᠠᠬᠤᠶᠢᠯᠠᠯ ᠤᠨ ᠭᠦᠢᠴᠡᠳᠬᠡᠬᠦ ᠵᠦᠢᠯᠡᠰ ᠢ ᠬᠤᠪᠢ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠲᠠ ᠳᠤ ᠨᠠᠶᠢᠳᠠᠨ | ᠭᠦᠢᠴᠡᠳᠬᠡᠯᠭᠡᠵᠦ᠂ ᠠᠳᠠᠯ ᠠᠬᠤᠢ ᠶᠢᠨ ᠬᠠᠮᠢᠶᠠᠷᠤᠯᠲᠠ ᠦᠭᠡᠢ ᠠᠰᠠᠷ᠂ ᠬᠠᠷᠢᠶ᠎ᠠ ᠲᠤᠭᠤᠷᠢᠭ ᠤᠨ ᠴᠡᠭᠴᠡᠯᠡᠨ | ᠵᠠᠰᠠᠯᠲᠠ ᠶᠢᠨ ︽ᠲᠠᠪᠤᠨ ᠪᠠᠶᠢᠬᠤ︾ ᠬᠠᠷᠠᠯᠲᠠ ᠶᠢ ᠪᠡᠶᠡᠯᠡᠭᠦᠯᠪᠡ᠃ ᠣᠳᠤᠬᠠᠨ ᠪᠣᠯᠲᠠᠯ᠎ᠠ 18 ᠠᠳᠠᠯ ᠠᠬᠤᠢ ᠶᠢᠨ | ᠬᠠᠮᠢᠶᠠᠷᠤᠯᠲᠠ ᠪᠦᠬᠦᠢ ᠰᠠᠭᠤᠭᠠᠯᠢ ᠲᠤᠭᠤᠷᠢᠭ ᠠᠳᠠᠯ ᠠᠬᠤᠢ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠢ ᠤᠷᠢᠨ | ᠤᠷᠤᠭᠤᠯᠵᠤ᠂ ᠴᠠᠩ ᠴᠢᠩ ᠵᠡᠭᠡᠯᠢ ᠭᠤᠳᠤᠮᠵᠢ ᠶᠢᠨ ᠣᠴᠢ ᠨᠡᠶᠢᠭᠡᠮ ᠲᠤᠭᠤᠷᠢᠭ ᠤᠨ ᠨᠠᠮ ᠤᠨ ᠵᠤᠬᠢᠶᠠᠨ | ᠪᠠᠶᠢᠭᠤᠯᠤᠯᠲᠠ ᠤᠯᠠᠭᠠᠨᠬᠠᠳᠠ ᠬᠤᠲᠠ ᠶᠢᠨ ᠠᠩᠬᠠᠳᠠᠭᠴᠢ ᠨᠡᠶᠢᠭᠡᠮ ᠲᠤᠭᠤᠷᠢᠭ ᠤᠨ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠢ ᠣᠷᠤᠯᠠᠨ ᠭᠦᠢᠴᠡᠳᠬᠡᠭᠰᠡᠨ ᠨᠡᠶᠢᠭᠡᠮ ᠲᠤᠭᠤᠷᠢᠭ ᠪᠤᠯᠵᠤ᠂ ᠪᠦᠬᠦ | ᠲᠤᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠪᠦᠷᠬᠦᠴᠡ ᠶᠢᠨ ᠨᠤᠷᠮ᠎ᠠ 92.2% ᠬᠦᠷᠪᠡ᠃ | | | ᠬᠤᠶᠠᠷ ᠲᠤ ︽ᠬᠡᠷᠡᠮ ᠢ ᠨᠤᠷᠠᠭᠠᠵᠤ ᠬᠦᠷᠦᠶᠡᠯᠠᠩ ᠢ ᠨᠢᠭᠡᠳᠬᠡᠬᠦ︾ ᠬᠡᠯᠪᠡᠷᠢ ᠶᠢ ᠦᠷᠭᠡᠳᠬᠡᠪᠡ᠃ | ᠬᠠᠭᠤᠴᠢᠨ ᠰᠠᠭᠤᠭᠠᠯᠢ ᠲᠣᠭᠤᠷᠢᠭ ᠤᠨ ᠬᠡᠪᠴᠢᠶ᠎ᠡ ᠨᠢ ᠪᠠᠭ᠎ᠠ᠂ ᠬᠦᠷᠢᠶᠡᠯᠡᠵᠦ ᠪᠦᠭᠯᠡᠬᠦ᠂ ᠬᠠᠮᠢᠶᠠᠷᠤᠯᠲᠠ ᠡᠷᠦᠢ | ᠬᠤᠷᠤᠢ ᠦᠭᠡᠢ ᠵᠡᠷᠭᠡ ᠠᠰᠠᠭᠤᠳᠠᠯ ᠳᠤ ᠬᠠᠨᠳᠤᠭᠤᠯᠤᠨ ᠬᠦᠷᠢᠶᠡᠯᠡᠩ ᠢ ᠨᠢᠭᠡᠳᠬᠡᠵᠦ ᠨᠢᠭᠡᠲᠦᠯᠲᠡᠢ ᠲᠥᠯᠦᠪᠵᠢᠭᠦᠯᠵᠦ | ᠂ ᠲᠦᠬᠦᠭᠡᠷᠦᠮᠵᠢ ᠶᠢ ᠬᠠᠯᠠᠨ ᠰᠠᠶᠢᠵᠢᠷᠠᠭᠤᠯᠵᠤ᠂ ᠰᠠᠭᠤᠭᠠᠯᠢ ᠠᠷᠠᠳ ᠲᠤ ᠨᠡᠩ ᠶᠡᠭᠡ ᠠᠵᠢᠯᠯᠠᠭᠠᠨ ᠤ ᠣᠷᠤᠨ ᠵᠠᠢ | ᠬᠠᠩᠭᠠᠪᠠ᠃ ᠣᠳᠤᠬᠠᠨ ᠪᠣᠯᠲᠠᠯ᠎ᠠ ᠬᠤᠩᠱᠠᠨ ᠲᠣᠭᠤᠷᠢᠭ ᠨᠢᠭᠡᠨᠲᠡ 22 ᠲᠤᠰᠠᠭᠠᠷ ᠠᠰᠠᠷ ᠪᠠ ᠬᠠᠭᠤᠴᠢᠨ | ᠰᠠᠭᠤᠭᠠᠯᠢ ᠲᠤᠭᠤᠷᠢᠭ ᠲᠤ ︽ᠬᠡᠷᠡᠮ ᠢ ᠨᠤᠷᠠᠭᠠᠵᠤ ᠬᠦᠷᠢᠶᠡᠯᠡᠩ ᠢ ᠨᠢᠭᠡᠳᠬᠡᠨ︾ ᠳᠦᠷᠪᠡᠨ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠬᠡᠪᠴᠢᠶ᠎ᠡ ᠪᠣᠯᠭᠠᠨ ᠠᠳᠠᠯ ᠠᠬᠤᠢ ᠶᠢᠨ ᠦᠢᠯᠡᠴᠢᠯᠡᠭᠡ ᠬᠠᠩᠭᠠᠵᠤ᠂ 52 ᠠᠰᠠᠷ ᠲᠤ | ᠠᠳᠠᠯ ᠠᠬᠤᠢ ᠶᠢᠨ ᠦᠢᠯᠡᠴᠢᠯᠡᠭᠡ ᠶᠢ ᠰᠢᠨ᠎ᠡ ᠪᠠᠷ ᠨᠡᠮᠡᠪᠡ᠃ | | | ᠭᠤᠷᠪᠠ ᠳᠤ ᠰᠠᠭᠤᠭᠠᠯᠢ ᠠᠷᠠᠳ ᠤᠨ ᠥᠪᠡᠷᠲᠡᠭᠡᠨ ᠠᠬᠤᠶᠢᠯᠠᠬᠤ ᠬᠡᠯᠪᠡᠷᠢ ᠶᠢ ᠲᠡᠭᠦᠯᠳᠡᠷᠵᠢᠭᠦᠯᠪᠡ᠃ | ᠬᠠᠭᠤᠴᠢᠨ ᠰᠠᠭᠤᠭᠠᠯᠢ ᠲᠤᠭᠤᠷᠢᠭ ᠲᠤ ︽ᠨᠠᠮ ᠤᠨ ᠪᠠᠶᠢᠭᠤᠯᠤᠯᠲᠠ ᠪᠠᠷ ᠤᠳᠤᠷᠢᠳᠤᠭᠤᠯᠵᠤ + ᠰᠠᠭᠤᠭᠠᠯᠢ | ᠠᠷᠠᠳ ᠦᠪᠡᠷᠲᠡᠭᠡᠨ ᠠᠬᠤᠶᠢᠯᠠᠬᠤ︾ ᠬᠡᠯᠪᠡᠷᠢ ᠶᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠦᠨᠳᠦᠰᠦᠨ | ᠱᠠᠲᠤᠨ ᠤ ᠴᠡᠭᠴᠡᠯᠡᠨ ᠵᠠᠰᠠᠯᠲᠠ ᠳᠤ ᠣᠷᠤᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ | ᠡᠵᠡᠨ ᠬᠦᠮᠦᠨ ᠤ ᠤᠬᠠᠮᠰᠠᠷ ᠢ ᠢᠳᠡᠪᠬᠢᠵᠢᠭᠦᠯᠪᠡ᠃ ᠴᠡᠪᠡᠷᠯᠡᠭᠴᠢ ᠤᠷᠢᠵᠤ ᠬᠡᠷᠡᠭᠯᠡᠬᠦ᠂ ᠰᠠᠭᠤᠭᠠᠯᠢ ᠠᠷᠠᠳ ᠤᠨ | ᠰᠠᠶᠢᠨ ᠳᠤᠷᠠᠴᠤᠳ ᠤᠨ ᠦᠢᠯᠡᠴᠢᠯᠡᠭᠡᠨ ᠤ ᠠᠩᠭᠢ ᠵᠤᠬᠢᠶᠠᠨ ᠪᠠᠶᠢᠭᠤᠯᠵᠤ᠂ ᠴᠡᠪᠡᠷᠯᠡᠭᠡ ᠬᠢᠬᠦ ᠵᠡᠷᠭᠡ ᠠᠷᠭ᠎ᠠ | ᠠᠪᠴᠠᠯ ᠢᠶᠠᠷ ᠠᠳᠠᠯ ᠠᠬᠤᠢ ᠶᠢᠨ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠣᠴᠢᠷ ᠶᠠᠪᠤᠳᠠᠯ ᠢᠶᠠᠨ ︽ | ᠥᠪᠡᠷᠲᠡᠭᠡᠨ ᠵᠥᠪᠳᠡᠵᠦ᠂ ᠬᠠᠮᠢᠶᠠᠷᠤᠨ᠂ ᠰᠢᠢᠳᠪᠦᠷᠢᠯᠡᠬᠦ︾ ᠶᠢ ᠪᠡᠶᠡᠯᠡᠭᠦᠯᠪᠡ᠃ ᠤᠳᠤᠬᠠᠨ ᠪᠣᠯᠲᠠᠯ᠎ᠠ ᠬᠤᠩᠱᠠᠨ | ᠲᠣᠭᠤᠷᠢᠭ ᠨᠡᠶᠢᠲᠡ ᠵᠢᠷᠭᠤᠭᠠᠨ ᠨᠡᠶᠢᠭᠡᠮ ᠲᠣᠭᠤᠷᠢᠭ ᠨᠢᠭᠡᠨᠲᠡ ᠨᠠᠮ ᠤᠨ ᠭᠡᠰᠢᠭᠦᠨ᠂ ᠰᠠᠭᠤᠭᠠᠯᠢ ᠠᠷᠠᠳ ᠢᠶᠠᠷ | ᠭᠤᠣᠯ ᠴᠤᠭᠴᠠ ᠪᠣᠯᠭᠠᠭᠰᠠᠨ ᠰᠠᠭᠤᠭᠠᠯᠢ ᠠᠷᠠᠳ ᠤᠨ ᠥᠪᠡᠷᠲᠡᠭᠡᠨ ᠬᠠᠮᠢᠶᠠᠷᠬᠤ ᠬᠤᠷᠠᠯ ᠢ ᠵᠤᠬᠢᠶᠠᠨ ᠪᠠᠶᠢᠭᠤᠯᠵᠤ᠂ | 26 ᠨᠠᠮ ᠤᠨ ᠭᠡᠰᠢᠭᠦᠨ ᠤ ᠬᠠᠷᠢᠭᠤᠴᠠᠯᠭ᠎ᠠ ᠶᠢᠨ ᠬᠡᠪᠴᠢᠶ᠎ᠡ ᠪᠠ ᠠᠰᠠᠷ ᠰᠠᠭᠤᠭᠠᠯᠢ ᠶᠢᠨ ᠭᠤᠤᠯᠯᠠᠭᠴᠢ ᠡᠷᠦᠬᠡ ᠶᠢ | ᠲᠤᠭᠲᠠᠭᠠᠪᠠ᠃ | | | | | | | | | | | | | | | | | | | | | | | | ᠁ |