ᠰᠢ ᠶᠢᠨ ᠫᠢᠩ ᠮᠣᠷᠣᠺᠺᠤ ᠶᠢᠨ ᠸᠠᠩ ᠤᠨ ᠵᠠᠯᠭᠠᠮᠵᠢᠯᠠᠭᠴᠢ ᠬᠠᠰᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/11/25
           ᠰᠢᠨᠬᠤᠸᠠ ᠬᠤᠷᠢᠶ᠎ᠠ ᠶᠢᠨ ᠮᠣᠷᠣᠺᠺᠤ ᠶᠢᠨ ᠺᠠᠰᠠᠪᠯᠠᠩᠺᠠ ᠶᠢᠨ 11 ᠰᠠᠷ᠎ᠠ ᠶᠢᠨ 21 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 21 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠷᠠᠽᠢᠯ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠠᠨ ᠲᠡᠭᠦᠰᠬᠡᠵᠦ ᠲᠤᠰᠬᠠᠢ ᠨᠢᠰᠬᠡᠯ ᠢᠶᠠᠷ ᠤᠯᠤᠰ ᠲᠠᠭᠠᠨ ᠪᠤᠴᠠᠬᠤ ᠵᠠᠮ ᠳᠠᠭᠠᠨ ᠺᠠᠰᠠᠪᠯᠠᠩᠺᠠ ᠳᠤ ᠲᠦᠷ ᠰᠠᠭᠠᠲᠠᠪᠠ᠃        ᠮᠣᠷᠣᠺᠺᠤ ᠶᠢᠨ ᠤᠯᠤᠰ ᠤᠨ ᠸᠠᠩ ᠮᠦᠬᠠᠨᠮᠦ᠋ᠳ᠋ ᠵᠢᠷᠭᠤᠳᠤᠭᠠᠷ ᠤᠨ ᠲᠣᠮᠢᠯᠠᠯᠲᠠ ᠪᠠᠷ ᠮᠣᠷᠣᠺᠺᠤ ᠶᠢᠨ ᠸᠠᠩ ᠤᠨ ᠵᠠᠯᠭᠠᠮᠵᠢᠯᠠᠭᠴᠢ ᠬᠠᠰᠠᠩ᠂ ᠲᠡᠷᠢᠭᠦᠨ ᠰᠠᠶᠢᠳ ᠠᠾᠧᠨᠥ᠋ᠱ ᠲᠤᠰᠬᠠᠶᠢᠯᠠᠨ ᠨᠢᠰᠬᠡᠯ ᠤᠨ ᠪᠠᠭᠤᠳᠠᠯ ᠳᠤ ᠬᠦᠷᠴᠦ ᠰᠢ ᠶᠢᠨ ᠫᠢᠩ ᠢ ᠤᠭᠲᠤᠭᠰᠠᠨ ᠪᠥᠭᠡᠳ ᠨᠢᠰᠬᠡᠯ ᠤᠨ ᠪᠠᠭᠤᠳᠠᠯ ᠳᠤ ᠤᠭᠲᠤᠬᠤ ᠶᠣᠰᠣᠯᠠᠯ ᠶᠠᠪᠤᠭᠤᠯᠪᠠ᠃            ᠰᠢ ᠶᠢᠨ ᠫᠢᠩ ᠸᠠᠩ ᠤᠨ ᠵᠠᠯᠭᠠᠮᠵᠢᠯᠠᠭᠴᠢ ᠬᠠᠰᠠᠩ ᠲᠠᠢ ᠳᠣᠲᠣᠨᠣ ᠪᠠᠷ ᠶᠠᠷᠢᠯᠴᠠᠪᠠ᠃            ᠰᠢ ᠶᠢᠨ ᠫᠢᠩ ᠸᠠᠩ ᠤᠨ ᠵᠠᠯᠭᠠᠮᠵᠢᠯᠠᠭᠴᠢ ᠬᠠᠰᠠᠩ ᠢᠶᠠᠷ ᠳᠠᠮᠵᠢᠭᠤᠯᠤᠨ ᠮᠦᠬᠠᠨᠮᠦ᠋ᠳ᠋ ᠵᠢᠷᠭᠤᠳᠤᠭᠠᠷ ᠲᠤ ᠳᠣᠲᠣᠨᠣ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠰᠢ ᠶᠢᠨ ᠫᠢᠩ᠂ ᠳᠤᠮᠳᠠᠳᠤ ᠮᠣᠷᠣᠺᠺᠤ ᠬᠤᠶᠠᠷ ᠤᠯᠤᠰ ᠤᠨ ᠬᠠᠷᠢᠯᠴᠠᠭ᠎ᠠ ᠮᠠᠰᠢ ᠰᠠᠶᠢᠨ ᠬᠥᠭᠵᠢᠵᠦ᠂ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠦᠷ᠎ᠡ ᠪᠦᠲᠦᠮᠵᠢ ᠣᠯᠵᠤ᠂ ᠡᠯ᠎ᠡ ᠬᠦᠷᠢᠶᠡᠨ ᠤ ᠶᠠᠪᠤᠯᠴᠠᠭ᠎ᠠ ᠡᠳᠦᠷ ᠢᠷᠡᠬᠦᠶ᠎ᠡ ᠬᠥᠭᠵᠢᠶᠡᠨᠲᠡᠢ ᠪᠣᠯᠪᠠ᠃ 2016 ᠣᠨ ᠳᠤ ᠤᠯᠤᠰ ᠤᠨ ᠸᠠᠩ ᠮᠦᠬᠠᠨᠮᠦ᠋ᠳ᠋ ᠵᠢᠷᠭᠤᠳᠤᠭᠠᠷ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠪᠢ ᠲᠡᠭᠦᠨ ᠲᠠᠢ ᠦᠯᠡᠮᠵᠢ ᠦᠷ᠎ᠡ ᠪᠦᠲᠦᠭᠡᠯ ᠲᠠᠢ ᠬᠡᠯᠡᠯᠴᠡᠭᠡ ᠬᠢᠵᠦ᠂ ᠳᠤᠮᠳᠠᠳᠤ ᠮᠣᠷᠣᠺᠺᠤ ᠶᠢᠨ ᠬᠠᠷᠢᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ ᠳᠤᠮᠳᠠᠳᠤ ᠤᠯᠤᠰ ᠮᠣᠷᠣᠺᠺᠤ ᠶᠢᠨ ᠬᠢᠨ ᠤ ᠤᠯᠤᠰ ᠤᠨ ᠠᠮᠤᠷ ᠲᠣᠭᠲᠠᠭᠤᠨ ᠢᠶᠠᠨ ᠬᠠᠮᠠᠭᠠᠯᠠᠬᠤ ᠶᠢ ᠲᠡᠮᠵᠢᠵᠥ᠂ ᠳᠤᠷᠠᠲᠠᠶ᠎ᠠ ᠮᠣᠷᠣᠺᠺᠤ ᠶᠢᠨ ᠬᠢᠨ ᠲᠠᠢ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠡᠷᠡᠰ ᠳᠡᠮᠵᠢᠯᠴᠡᠨ᠎ᠡ᠃ ᠳᠤᠮᠳᠠᠳᠤ ᠤᠯᠤᠰ ᠳᠤᠷᠠᠲᠠᠶ᠎ᠠ ᠮᠣᠷᠣᠺᠺᠤ ᠶᠢᠨ ᠬᠢᠨ ᠲᠠᠢ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠪᠣᠯᠣᠨ ᠳᠤᠮᠳᠠᠳᠤ ᠠᠷᠠᠪ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠷᠪᠠᠳᠤᠭᠠᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠣᠷᠣ ᠲᠥᠯᠥᠪ ᠤᠨ ᠳᠣᠲᠣᠷᠠᠬᠢ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ ᠨᠥᠬᠦᠷᠯᠡᠯ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠳᠤᠮᠳᠠᠳᠤ ᠮᠣᠷᠣᠺᠺᠤ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠶ᠎ᠠ ᠭᠡᠵᠦ ᠵᠢᠭᠠᠵᠤ ᠭᠠᠷᠭᠠᠪᠠ᠃        ᠬᠠᠰᠠᠩ ᠤᠯᠤᠰ ᠤᠨ ᠸᠠᠩ ᠮᠦᠬᠠᠨᠮᠦ᠋ᠳ᠋ ᠵᠢᠷᠭᠤᠳᠤᠭᠠᠷ ᠤᠨ ᠲᠡᠷᠢᠭᠦᠯᠡᠭᠴᠢ ᠰᠢ ᠶᠢᠨ ᠫᠢᠩ ᠳᠤ ᠬᠦᠷᠭᠡᠭᠰᠡᠨ ᠴᠢᠩ ᠰᠡᠳᠬᠢᠯ ᠤᠨ ᠮᠡᠨᠳᠦᠴᠢᠯᠡᠯ ᠪᠠ ᠬᠠᠯᠠᠭᠤᠨ ᠤᠭᠲᠤᠯᠭ᠎ᠠ ᠶᠢ ᠳᠠᠮᠵᠢᠭᠤᠯᠵᠤ᠂ ᠮᠣᠷᠣᠺᠺᠤ ᠳᠤᠮᠳᠠᠳᠤ ᠬᠤᠶᠠᠷ ᠤᠯᠤᠰ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠪᠠᠨ ᠪᠠᠲᠤᠯᠠᠵᠤ ᠪᠠᠶᠢᠨ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠳᠤᠮᠳᠠᠳᠤ ᠤᠯᠤᠰ ᠤᠨ ᠬᠢᠨ ᠮᠣᠷᠣᠺᠺᠤ ᠶᠢᠨ ᠬᠢᠨ ᠳᠤ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠮᠣᠷᠣᠺᠺᠤ ᠶᠢᠨ ᠠᠷᠠᠳ ᠲᠦᠮᠡᠨ ᠡᠭᠦᠷᠢᠳᠡ ᠮᠠᠷᠲᠠᠬᠤ ᠦᠭᠡᠢ ᠶᠤᠮ᠃ ᠮᠣᠷᠣᠺᠺᠤ ᠶᠢᠨ ᠸᠠᠩ ᠤᠨ ᠤᠭᠰᠠᠭ᠎ᠠ ᠪᠣᠯᠣᠨ ᠵᠠᠰᠠᠭ ᠤᠨ ᠣᠷᠳᠣᠨ ᠴᠥᠮ ᠮᠣᠷᠣᠺᠺᠤ ᠳᠤᠮᠳᠠᠳᠤ ᠶᠢᠨ ᠬᠠᠷᠢᠯᠴᠠᠭ᠎ᠠ ᠶᠢ ᠤᠯᠠᠮ ᠨᠢᠭᠡ ᠠᠯᠬᠤᠮ ᠬᠥᠭᠵᠢᠭᠦᠯᠬᠦ ᠪᠠᠷ ᠡᠷᠡᠰ ᠴᠢᠷᠮᠠᠶᠢᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠬᠢᠲᠠᠳ ᠭᠡᠯᠡ ᠪᠣᠯᠣᠨ ᠳᠤᠮᠳᠠᠳᠤ ᠤᠯᠤᠰ ᠤᠨ ᠰᠣᠶᠣᠯ ᠮᠣᠷᠣᠺᠺᠤ ᠶᠢᠨ ᠠᠷᠠᠳ ᠲᠦᠮᠡᠨ ᠤ ᠬᠦᠷᠢᠶᠡᠯᠡᠯ ᠢ ᠶᠡᠬᠡᠳᠡ ᠣᠯᠵᠤ ᠪᠤᠢ᠂ ᠬᠤᠶᠠᠷ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠴᠢᠩᠭᠠᠳᠬᠠᠬᠤ ᠶᠢ ᠬᠦᠰᠡᠵᠦ ᠪᠠᠶᠢᠨ᠎ᠠ᠃ ᠮᠣᠷᠣᠺᠺᠤ ᠳᠤᠮᠳᠠᠳᠤ ᠬᠤᠶᠠᠷ ᠤᠯᠤᠰ ᠮᠠᠰᠢ ᠤᠯᠠᠨ ᠠᠰᠠᠭᠤᠳᠠᠯ ᠳᠡᠭᠡᠷ᠎ᠡ ᠵᠣᠭᠰᠣᠯᠲᠠ ᠠᠳᠠᠯᠢᠪᠲᠤᠷ ᠪᠠᠶᠢᠨ᠎ᠠ᠂ ᠮᠣᠷᠣᠺᠺᠤ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠲᠤᠰ ᠲᠤᠰ ᠤᠨ ᠢᠶᠠᠨ ᠤᠯᠤᠰ ᠤᠨ ᠡᠷᠬᠡ ᠮᠡᠳᠡᠯ ᠪᠣᠯᠣᠨ ᠠᠮᠤᠷ ᠲᠣᠭᠲᠠᠭᠤᠨ ᠢᠶᠠᠨ ᠬᠠᠮᠠᠭᠠᠯᠠᠬᠤ ᠶᠢ ᠡᠷᠡᠰ ᠳᠡᠮᠵᠢᠨ᠎ᠠ ᠭᠡᠵᠦ ᠢᠯᠡᠳᠬᠡᠪᠡ᠃            ᠼᠠᠢ ᠴᠢ᠂ ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃    
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号