ᠴᠢᠬᠤᠯᠠ ᠰᠠᠨᠠᠭᠤᠯᠤᠮᠵᠢ︕ ᠪᠡᠶ᠎ᠡ ᠶᠢᠨ ᠦᠨᠡᠮᠯᠡᠯ ᠤᠨ ᠢᠶᠠᠨ ᠬᠦᠴᠦᠨ ᠲᠠᠢ ᠬᠤᠭᠤᠴᠠᠭ᠎ᠠ ᠶᠢ ᠠᠩᠬᠠᠷᠤᠭᠠᠷᠠᠢ
ᠨᠡᠶᠢᠲᠡᠯᠡᠭᠰᠡᠨ ᠴᠠᠭ᠄
2024/11/26
           ᠣᠶᠢᠷ᠎ᠠ ᠳᠤ ᠪᠥᠬᠦ ᠤᠯᠤᠰ ᠤᠨ ᠣᠯᠠᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠠᠨᠠᠭᠤᠯᠤᠮᠵᠢ ᠨᠡᠶᠢᠲᠡᠯᠡᠪᠡ            ᠠᠩᠬᠠᠳᠠᠭᠴᠢ ᠪᠦᠯᠦᠭ ᠪᠡᠶ᠎ᠡ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 20 ᠵᠢᠯ ᠪᠣᠯᠬᠤ ᠰᠠᠭᠤᠭᠠᠯᠢ ᠠᠷᠠᠳ ᠤᠨ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠤᠨ ᠬᠤᠭᠤᠴᠠᠭ᠎ᠠ ᠨᠢ ᠵᠠᠯᠭᠠᠯᠳᠤᠭ᠎ᠠ ᠪᠠᠷ ᠲᠤᠯᠵᠤ ᠦᠨᠡᠮᠯᠡᠯ ᠰᠣᠯᠢᠬᠤ ᠣᠷᠭᠢᠯ ᠤᠨ ᠴᠠᠭ ᠣᠶᠢᠷᠠᠳᠴᠤ ᠪᠠᠶᠢᠨ᠎ᠠ              ᠣᠷᠭᠢᠯ ᠤᠨ ᠴᠠᠭ ᠢ ᠨᠢ ᠶᠠᠭᠠᠬᠢᠵᠤ ᠵᠥᠷᠢᠭᠦᠯᠦᠨ ᠦᠨᠡᠮᠯᠡᠯ ᠢᠶᠠᠨ ᠰᠣᠯᠢᠬᠤ ᠪᠣᠶ︖            ᠡᠨᠡ ᠬᠦ ᠠᠷᠭ᠎ᠠ ᠶᠢ ᠭᠠᠷᠳᠠᠨ ᠬᠤᠷᠢᠶᠠᠮᠤ            ᠪᠡᠶ᠎ᠡ ᠶᠢᠨ ᠦᠨᠡᠮᠯᠡᠯ ᠤᠨ ᠬᠤᠭᠤᠴᠠᠭ᠎ᠠ ᠨᠢ ᠵᠠᠯᠭᠠᠯᠳᠤᠭ᠎ᠠ ᠪᠠᠷ ᠲᠤᠯᠵᠤ ᠪᠠᠶᠢᠨ᠎ᠠ᠂ ᠦᠨᠡᠮᠯᠡᠯ ᠢᠶᠠᠨ ᠬᠡᠵᠢᠶ᠎ᠡ ᠰᠣᠯᠢᠬᠤ ᠪᠣᠢ︖            ᠡᠩ ᠲᠡᠷᠢᠭᠦᠨ ᠳᠤ᠂ ᠥᠪᠡᠷ ᠤᠨ ᠢᠶᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠳᠡᠭᠡᠷᠡᠬᠢ ᠬᠦᠴᠦᠨ ᠲᠠᠢ ᠬᠤᠭᠤᠴᠠᠭ᠎ᠠ ᠶᠢ ᠠᠩᠬᠠᠷᠬᠤ ᠬᠡᠷᠡᠭᠲᠡᠢ        ᠰᠠᠭᠤᠭᠠᠯᠢ ᠠᠷᠠᠳ ᠪᠡᠶ᠎ᠡ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠲᠤᠯᠬᠤ ᠠᠴᠠ ᠡᠮᠦᠨ᠎ᠡ 3 ᠰᠠᠷ᠎ᠠ ᠶᠢᠨ ᠳᠣᠲᠣᠷ᠎ᠠ ᠰᠣᠯᠢᠵᠤ ᠠᠪᠴᠤ ᠪᠣᠯᠣᠨ᠎ᠠ᠂ ᠵᠠᠷᠢᠮ ᠮᠤᠵᠢ ᠣᠷᠣᠨ ᠤ ᠬᠢᠨ ᠰᠣᠯᠢᠵᠤ ᠠᠪᠬᠤ ᠬᠤᠭᠤᠴᠠᠭ᠎ᠠ ᠶᠢ ᠠᠭᠤᠵᠢᠭᠤ ᠲᠠᠯᠪᠢᠵᠤ᠂ ᠬᠦᠴᠦᠨ ᠲᠠᠢ ᠬᠤᠭᠤᠴᠠᠭ᠎ᠠ ᠨᠢ ᠲᠤᠯᠬᠤ ᠠᠴᠠ ᠡᠮᠦᠨ᠎ᠡ 6 ᠰᠠᠷ᠎ᠠ ᠶᠢᠨ ᠳᠣᠲᠣᠷ᠎ᠠ ᠰᠣᠯᠢᠵᠤ ᠠᠪᠬᠤ ᠪᠠᠷ ᠭᠤᠶᠤᠴᠢᠯᠠᠵᠤ ᠪᠣᠯᠣᠨ᠎ᠠ᠃            ᠰᠠᠨᠠᠭᠤᠯᠤᠮᠵᠢ᠄ ᠪᠡᠶ᠎ᠡ ᠶᠢᠨ ᠦᠨᠡᠮᠯᠡᠯ ᠢᠶᠠᠨ ᠠᠪᠬᠤ ᠡᠳᠦᠷ ᠨᠢ ᠣᠯᠠᠩᠬᠢ ᠳᠤ ᠪᠠᠨ 10 - 25 ᠠᠵᠢᠯᠯᠠᠬᠤ ᠡᠳᠦᠷ ᠪᠠᠶᠢᠳᠠᠭ᠂ ᠦᠨᠡᠮᠯᠡᠯ ᠰᠣᠯᠢᠬᠤ ᠴᠢᠬᠤᠯᠠᠲᠠᠢ ᠰᠠᠭᠤᠭᠠᠯᠢ ᠠᠷᠠᠳ ᠥᠪᠡᠷ ᠤᠨ ᠪᠠᠶᠢᠳᠠᠯ ᠲᠠᠢ ᠪᠠᠨ ᠤᠶᠠᠯᠳᠤᠭᠤᠯᠤᠨ᠂ ᠪᠡᠶ᠎ᠡ ᠶᠢᠨ ᠦᠨᠡᠮᠯᠡᠯ ᠤᠨ ᠬᠤᠭᠤᠴᠠᠭ᠎ᠠ ᠨᠢ ᠲᠤᠯᠬᠤ ᠠᠴᠠ 1 - 2 ᠰᠠᠷ᠎ᠠ ᠶᠢᠨ ᠡᠮᠦᠨ᠎ᠡ ᠰᠣᠯᠢᠵᠤ ᠠᠪᠴᠤ ᠪᠣᠯᠣᠨ᠎ᠠ᠃            ᠪᠡᠶ᠎ᠡ ᠶᠢᠨ ᠦᠨᠡᠮᠯᠡᠯ ᠢᠶᠠᠨ ᠶᠠᠭᠠᠬᠢᠵᠤ ᠭᠤᠶᠤᠴᠢᠯᠠᠵᠤ ᠠᠪᠬᠤ ᠪᠣᠢ︖            ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠲᠤᠬᠠᠶᠢᠯᠠᠭᠰᠠᠨ ᠠᠵᠢᠯ ᠢ ︽ᠪᠥᠬᠦ ᠤᠯᠤᠰ ᠲᠤ ᠨᠡᠶᠢᠳᠡᠮ ᠭᠦᠢᠴᠡᠳᠬᠡᠬᠦ︾ ᠪᠣᠯᠵᠤ᠂ ᠡᠷᠦᠬᠡ ᠠᠮᠠ ᠶᠢᠨ ᠲᠠᠩᠰᠠ ᠶᠢᠨ ᠭᠠᠵᠠᠷ ᠲᠤ ᠪᠠᠨ ᠪᠠᠶᠢᠬᠤ ᠦᠭᠡᠢ ᠬᠤᠲᠠ ᠶᠢᠨ ᠠᠷᠠᠳ ᠴᠤ ᠤᠤᠯ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠴᠤ᠂ ᠣᠶᠢᠷ᠎ᠠ ᠬᠠᠪᠢ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠶᠡᠷᠦᠩᠬᠡᠶᠢᠯᠡᠭᠰᠡᠨ ᠦᠢᠯᠡᠴᠢᠯᠡᠬᠦ ᠴᠣᠩᠬᠤᠪᠴᠢ ᠳᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠰᠣᠯᠢᠵᠤ ᠠᠪᠬᠤ ᠪᠠᠷ ᠭᠤᠶᠤᠴᠢᠯᠠᠵᠤ ᠪᠣᠯᠣᠨ᠎ᠠ᠃            ᠬᠤᠲᠠ ᠶᠢᠨ ᠠᠷᠠᠳ ᠤᠨ ᠦᠨᠡᠮᠯᠡᠯ ᠰᠣᠯᠢᠬᠤ ᠳᠤ ᠳᠥᠭᠦᠮᠯᠡᠬᠦ ᠶᠢᠨ ᠲᠥᠯᠥᠭᠡ᠂ ᠣᠯᠠᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠰᠦᠯᠵᠢᠶᠡᠨ ᠳᠡᠭᠡᠷ᠎ᠡ ᠨᠡᠶᠢᠳᠡᠮ ᠭᠦᠢᠴᠡᠳᠬᠡᠬᠦ ᠪᠠ ᠥᠪᠡᠰᠦᠪᠡᠨ ᠦᠢᠯᠡᠴᠢᠯᠡᠬᠦ ᠦᠵᠦᠭᠦᠷ ᠭᠠᠷᠭᠠᠭᠰᠠᠨ ᠪᠠᠶᠢᠨ᠎ᠠ᠃            ᠬᠤᠲᠠ ᠶᠢᠨ ᠠᠷᠠᠳ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠰᠦᠯᠵᠢᠶᠡᠨ ᠳᠡᠭᠡᠷᠡᠬᠢ ᠪᠣᠯᠵᠣᠨ ᠲᠣᠬᠢᠷᠠᠬᠤ ᠲᠠᠪᠴᠠᠩ ᠢᠶᠠᠷ ᠭᠦᠢᠴᠡᠳᠬᠡᠬᠦ ᠴᠠᠭ ᠢᠶᠠᠨ ᠪᠣᠯᠵᠣᠬᠤ ᠪᠤᠶᠤ ᠰᠦᠯᠵᠢᠶᠡᠨ ᠳᠡᠭᠡᠷ᠎ᠡ ᠰᠢᠭᠤᠳ ᠭᠦᠢᠴᠡᠳᠬᠡᠵᠦ ᠪᠣᠯᠣᠨ᠎ᠠ᠂ ᠪᠠᠰᠠ ᠥᠪᠡᠰᠦᠪᠡᠨ ᠦᠢᠯᠡᠴᠢᠯᠡᠬᠦ ᠦᠵᠦᠭᠦᠷ ᠢᠶᠠᠷ ᠪᠡᠶ᠎ᠡ ᠶᠢᠨ ᠦᠨᠡᠮᠯᠡᠯ ᠰᠣᠯᠢᠵᠤ ᠠᠪᠬᠤ ᠪᠠᠷ ᠭᠤᠶᠤᠴᠢᠯᠠᠬᠤ ᠪᠠ ᠰᠦᠢᠳᠬᠡᠯ ᠲᠤᠰᠢᠶᠠᠬᠤ ᠶᠢ ᠭᠦᠢᠴᠡᠳᠬᠡᠵᠦ ᠪᠣᠯᠣᠨ᠎ᠠ᠃            ᠰᠦᠢᠳᠬᠡᠯ ᠶᠠᠭᠠᠬᠢᠵᠤ ᠬᠤᠷᠢᠶᠠᠳᠠᠭ ᠪᠣᠶ︖            ᠬᠤᠭᠤᠴᠠᠭ᠎ᠠ ᠨᠢ ᠲᠤᠯᠵᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠰᠣᠯᠢᠵᠤ ᠠᠪᠬᠤ ᠳᠤ ᠲᠤᠰᠢᠶᠠᠬᠤ ᠦᠨᠡᠮᠯᠡᠯ ᠤᠨ ᠵᠠᠷᠤᠳᠠᠯ᠄ 20 ᠲᠥᠭᠦᠷᠢᠭ / ᠦᠨᠡᠮᠯᠡᠯ︔            ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠵᠦ ᠣᠷᠬᠢᠭᠠᠳ ᠨᠥᠬᠦᠵᠦ ᠠᠪᠬᠤ ᠪᠤᠶᠤ ᠤᠷᠠᠭᠳᠠᠵᠤ ᠰᠦᠢᠳᠦᠭᠡᠳ ᠰᠣᠯᠢᠵᠤ ᠠᠪᠬᠤ ᠳᠤ ᠲᠤᠰᠢᠶᠠᠬᠤ ᠦᠨᠡᠮᠯᠡᠯ ᠤᠨ ᠵᠠᠷᠤᠳᠠᠯ᠄ 40 ᠲᠥᠭᠦᠷᠢᠭ / ᠦᠨᠡᠮᠯᠡᠯ᠃            ᠰᠢᠨ᠎ᠡ ᠪᠡᠶ᠎ᠡ ᠶᠢᠨ ᠦᠨᠡᠮᠯᠡᠯ ᠢᠶᠠᠨ ᠶᠠᠭᠠᠬᠢᠵᠤ ᠭᠠᠷᠳᠠᠵᠤ ᠠᠪᠬᠤ ᠪᠤᠶ︖            ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠦᠨᠡᠮᠯᠡᠯ ᠢ ᠵᠣᠬᠢᠶᠠᠵᠤ ᠭᠠᠷᠭᠠᠭᠰᠠᠨ ᠤ ᠳᠠᠷᠠᠭ᠎ᠠ᠂ ᠲᠡᠳᠡᠨ ᠳᠤ ᠦᠯᠡᠳᠡᠭᠡᠭᠰᠡᠨ ᠭᠠᠷ ᠤᠲᠠᠰᠤᠨ ᠤ ᠨᠣᠮᠧᠷ ᠢᠶᠠᠷ ᠦᠨᠡᠮᠯᠡᠯ ᠤᠨ ᠡᠵᠡᠨ ᠳᠤ ᠨᠢ ᠰᠠᠨᠠᠭᠤᠯᠬᠤ ᠣᠬᠤᠷ ᠴᠢᠮᠡᠭᠡ ᠶᠠᠪᠤᠭᠤᠯᠪᠠᠯ ᠲᠡᠷᠡ ᠬᠦ ᠲᠤᠬᠠᠶᠢᠯᠠᠭᠰᠠᠨ ᠠᠵᠢᠯ ᠢ ᠬᠦᠯᠢᠶᠡᠵᠦ ᠠᠪᠤᠭᠰᠠᠨ ᠲᠣᠮᠢᠯᠠᠭᠰᠠᠨ ᠰᠠᠯᠪᠤᠷᠢ ᠳᠤ ᠬᠦᠷᠴᠦ ᠦᠨᠡᠮᠯᠡᠯ ᠢᠶᠠᠨ ᠭᠠᠷᠳᠠᠨ ᠠᠪᠴᠤ ᠪᠣᠯᠣᠨ᠎ᠠ᠃            ᠡᠭᠦᠨ ᠠᠴᠠ ᠭᠠᠳᠠᠨ᠎ᠠ ᠰᠢᠤᠳᠠᠨ ᠢᠶᠠᠷ ᠢᠯᠡᠭᠡᠬᠦ ᠦᠢᠯᠡᠴᠢᠯᠡᠭᠡ ᠶᠢ ᠴᠦ ᠰᠣᠩᠭᠤᠵᠤ ᠪᠣᠯᠣᠨ᠎ᠠ᠃ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠦᠷᠭᠡᠵᠦ ᠥᠭᠬᠦ ᠪᠠᠷ ᠦᠢᠯᠡᠴᠢᠯᠡᠭᠦᠯᠬᠦ ᠭᠡᠪᠡᠯ ᠡᠷᠬᠡᠪᠰᠢ ᠦᠨᠡᠮᠯᠡᠯ ᠠᠪᠬᠤ ᠭᠦᠢᠴᠡᠳᠬᠡᠯ ᠬᠢᠭᠰᠡᠨ ᠡᠳᠦᠷ ᠤᠨ 22᠄ 00 ᠴᠠᠭ ᠠᠴᠠ ᠡᠮᠦᠨ᠎ᠡ ᠭᠤᠶᠤᠴᠢᠯᠠᠵᠤ᠂ ᠰᠢᠤᠳᠠᠨ ᠢᠶᠠᠷ ᠢᠯᠡᠭᠡᠬᠦ ᠵᠠᠷᠤᠳᠠᠯ ᠢ ᠦᠨᠡᠮᠯᠡᠯ ᠤᠨ ᠡᠵᠡᠨ ᠨᠢ ᠲᠥᠯᠥᠭᠰᠡᠨ ᠪᠠᠶᠢᠬᠤ ᠬᠡᠷᠡᠭᠲᠡᠢ᠃          ᠪᠡᠶ᠎ᠡ ᠶᠢᠨ ᠦᠨᠡᠮᠯᠡᠯ ᠤᠨ ᠰᠡᠭᠦᠳᠡᠷ ᠢᠶᠠᠨ ᠰᠡᠭᠦᠳᠡᠷᠯᠡᠬᠦ ᠳᠤ ᠠᠩᠬᠠᠷᠬᠤ ᠵᠦᠢᠯᠡᠰ            ᠪᠡᠶ᠎ᠡ ᠶᠢᠨ ᠦᠨᠡᠮᠯᠡᠯ ᠰᠣᠯᠢᠵᠤ ᠠᠪᠬᠤ ᠳᠤ ᠰᠡᠭᠦᠳᠡᠷ ᠢᠶᠠᠨ ᠳᠠᠭᠢᠵᠤ ᠰᠡᠭᠦᠳᠡᠷᠯᠡᠬᠦ ᠴᠢᠬᠤᠯᠠ ᠲᠠᠢ᠂ ᠪᠡᠶ᠎ᠡ ᠶᠢᠨ ᠦᠨᠡᠮᠯᠡᠯ ᠤᠨ ᠰᠡᠭᠦᠳᠡᠷ ᠪᠣᠯ ᠮᠠᠯᠠᠭᠠᠢ ᠦᠭᠡᠢ ᠪᠣᠳᠤᠭ ᠲᠠᠢ ᠵᠢᠷᠤᠭ ᠪᠠᠶᠢᠳᠠᠭ᠂ ᠰᠡᠭᠦᠳᠡᠷᠯᠡᠬᠦ ᠳᠤ ᠲᠥᠪ ᠰᠠᠭᠤᠨ᠂ ᠲᠣᠯᠣᠭᠠᠢ ᠪᠠᠨ ᠠᠰᠬᠠᠨ ᠪᠠᠶᠢᠯᠭᠠᠨ᠎ᠠ᠃            ᠪᠡᠶ᠎ᠡ ᠶᠢᠨ ᠦᠨᠡᠮᠯᠡᠯ ᠤᠨ ᠰᠡᠭᠦᠳᠡᠷ ᠢ ᠰᠡᠭᠦᠳᠡᠷᠯᠡᠬᠦ ᠳᠤ ᠠᠩᠬᠠᠷᠬᠤ ᠨᠢ᠄ ᠬᠢᠴᠡᠲᠡᠢ ᠬᠤᠪᠴᠠᠰᠤ ᠡᠮᠦᠰᠬᠦ ᠦᠭᠡᠢ᠂ ᠵᠠᠭᠠᠮ᠎ᠠ ᠨᠢ ᠬᠤᠭᠤᠯᠠᠢ ᠬᠦᠵᠦᠭᠦᠦ ᠠᠴᠠ ᠳᠠᠪᠠᠵᠤ ᠬᠠᠯᠬᠠᠯᠠᠭᠰᠠᠨ ᠬᠤᠪᠴᠠᠰᠤ ᠡᠮᠦᠰᠴᠦ ᠪᠣᠯᠬᠤ ᠦᠭᠡᠢ᠂ ᠭᠦᠨ ᠥᠩᠭᠡ ᠶᠢᠨ ᠬᠤᠪᠴᠠᠰᠤ ᠡᠮᠦᠰᠴᠦ ᠪᠣᠯᠣᠨ᠎ᠠ ︵ᠬᠠᠷᠢᠨ ᠴᠠᠭᠠᠨ ᠥᠩᠭᠡ ᠶᠢᠨ ᠪᠤᠶᠤ ᠭᠦᠢᠬᠡᠨ ᠥᠩᠭᠡ ᠶᠢᠨ ᠬᠤᠪᠴᠠᠰᠤ ᠡᠮᠦᠰᠴᠦ ᠪᠣᠯᠬᠤ ᠦᠭᠡᠢ︶︔            ᠦᠷᠭᠦᠯᠵᠢ ᠨᠢᠳᠦᠨ ᠰᠢᠯ ᠵᠡᠭᠦᠳᠡᠭ ᠰᠠᠭᠤᠭᠠᠯᠢ ᠠᠷᠠᠳ ᠨᠢᠳᠦᠨ ᠰᠢᠯ ᠵᠡᠭᠦᠪᠡᠯ ᠵᠣᠬᠢᠨ᠎ᠠ᠃            ᠬᠡᠲᠦᠷᠬᠡᠢ ᠵᠠᠰᠠᠵᠤ ᠭᠤᠶᠣᠯᠠᠵᠤ ᠪᠣᠯᠬᠤ ᠦᠭᠡᠢ᠂ ᠭᠡᠵᠢᠭᠡ ᠪᠠᠨ ᠪᠤᠳᠤᠵᠦ ᠪᠣᠯᠬᠤ ᠦᠭᠡᠢ︔            ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠬᠦ ᠠᠴᠠ ᠭᠠᠳᠠᠨ᠎ᠠ᠂ ᠡᠷᠡᠭᠲᠡᠶᠢᠴᠦᠳ ᠰᠠᠬᠠᠯ ᠢᠶᠠᠨ ᠥᠳᠬᠡᠨ ᠲᠠᠯᠪᠢᠵᠤ ᠪᠣᠯᠬᠤ ᠦᠭᠡᠢ︔            ᠮᠠᠯᠠᠭᠠᠢ ᠡᠮᠦᠰᠴᠦ ᠪᠣᠯᠬᠤ ᠦᠭᠡᠢ᠂ ᠵᠠᠰᠠᠯ ᠵᠡᠭᠦᠵᠦ ᠪᠣᠯᠬᠤ ᠦᠭᠡᠢ︔            ᠰᠡᠭᠦᠳᠡᠷ ᠰᠡᠭᠦᠳᠡᠷᠯᠡᠭᠦᠯᠬᠦ ᠳᠤ ᠴᠢᠬᠢ᠂ ᠬᠥᠮᠥᠰᠬᠡ ᠪᠠᠨ ᠢᠯᠡ ᠪᠠᠶᠢᠯᠭᠠᠪᠠᠯ ᠬᠠᠮᠤᠭ ᠤᠨ ᠰᠠᠶᠢᠨ᠃            ︵ᠵᠠᠷᠢᠮ ᠬᠤᠲᠠ ᠨᠢ ᠬᠤᠪᠢ ᠬᠥᠮᠥᠨ ᠤ ᠰᠡᠭᠦᠳᠡᠷ ᠢ ᠰᠦᠯᠵᠢᠶ᠎ᠡ ᠪᠠᠷ ᠳᠡᠭᠡᠭᠰᠢ ᠳᠠᠮᠵᠢᠭᠤᠯᠵᠤ ᠶᠠᠪᠤᠭᠤᠯᠬᠤ ᠴᠢᠳᠠᠮᠵᠢ ᠲᠠᠢ ᠪᠠᠶᠢᠳᠠᠭ᠂ ᠭᠡᠪᠡᠴᠦ ᠰᠡᠭᠦᠳᠡᠷᠯᠡᠬᠦ ᠱᠠᠭᠠᠷᠳᠠᠯᠭ᠎ᠠ ᠶᠢ ᠠᠩᠬᠠᠷᠬᠤ ᠬᠡᠷᠡᠭᠲᠡᠢ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠥᠩᠭᠡᠷᠡᠭᠰᠡᠨ ᠤ ᠳᠠᠷᠠᠭ᠎ᠠ ᠨᠢᠰᠬᠡᠯ ᠤᠨ ᠪᠢᠯᠧᠲ᠂ ᠭᠠᠯᠲᠤ ᠲᠡᠷᠭᠡᠨ ᠤ ᠪᠢᠯᠧᠲ᠂ ᠳᠠᠭᠠᠳᠬᠠᠯ ᠵᠡᠷᠭᠡ ᠶᠢ ᠬᠡᠪ ᠤᠨ ᠪᠠᠶᠢᠳᠠᠭ ᠢᠶᠠᠷ ᠬᠤᠳᠠᠯᠳᠤᠨ ᠠᠪᠴᠤ ᠳᠡᠶᠢᠯᠬᠦ ᠦᠭᠡᠢ ᠪᠣᠯᠣᠨ᠎ᠠ            ᠪᠠᠭᠤᠳᠠᠯ ᠳᠤ ᠪᠠᠭᠤᠬᠤ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠡᠷᠭᠡ ᠶᠢᠨ ᠠᠵᠢᠯ ᠳᠤ ᠴᠤ ᠨᠥᠯᠥᠭᠡ ᠪᠣᠯᠣᠨ᠎ᠠ            ᠣᠯᠠᠨ ᠢᠶᠠᠷ ᠢᠶᠠᠨ ᠣᠨᠴᠠ ᠠᠩᠬᠠᠷᠬᠤ ᠶᠢ ᠬᠦᠰᠡᠵᠦ ᠪᠠᠶᠢᠨ᠎ᠠ            ᠪᠡᠶ᠎ᠡ ᠶᠢᠨ ᠦᠨᠡᠮᠯᠡᠯ ᠴᠢᠨᠢ ᠪᠠᠰᠠ ᠬᠡᠳᠦᠢ ᠤᠳᠠᠪᠠᠯ ᠬᠤᠭᠤᠴᠠᠭ᠎ᠠ ᠨᠢ ᠲᠤᠯᠬᠤ ᠪᠤᠶ︖ ᠲᠦᠷᠭᠡᠨ ᠠᠩᠬᠠᠷᠴᠤ ᠦᠵᠡᠭᠡᠷᠡᠢ            ᠦᠨᠡᠮᠯᠡᠯ ᠢᠶᠠᠨ ᠴᠠᠭ ᠲᠤᠬᠠᠢ ᠳᠤ ᠨᠢ ᠰᠣᠯᠢᠬᠤ ᠪᠠᠨ ᠪᠢᠲᠡᠭᠡᠢ ᠮᠠᠷᠲᠠᠭᠠᠷᠠᠢ︕
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号