| | ᠲᠤᠭᠤᠷᠢᠭ ᠤᠨ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠡ ᠳᠤ᠄ | ᠲᠤᠭᠤᠷᠢᠭ ᠤᠨ ᠵᠠᠰᠠᠭ ᠤᠨ ᠣᠷᠳᠤᠨ ᠤ ᠨᠠᠮ ᠤᠨ ᠳᠤᠭᠤᠶᠢᠯᠠᠩ ᠤᠨ ᠬᠤᠷᠠᠯ ᠢᠶᠠᠷ ᠰᠤᠳᠤᠯᠤᠨ | ᠲᠤᠭᠲᠠᠭᠠᠭᠰᠠᠨ ᠢᠶᠠᠷ᠂ ᠡᠳᠦᠭᠡ ︽ᠹᠸᠢ ᠷᠦ᠋ ᠤᠯᠠᠭᠠᠨᠬᠠᠳᠠ ᠶᠢᠨ ᠳᠡᠳ᠋ ᠲᠦᠷ ᠴᠠᠭ ᠤᠨ ᠠᠵᠤ ᠦᠢᠯᠡᠰ ᠤᠨ | ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠡᠭᠡᠳᠦ ᠳᠡᠰ ᠤᠨ ᠬᠠᠮᠢᠶᠠᠷᠤᠯᠲᠠ ᠶᠢᠨ | ᠴᠢᠳᠠᠪᠤᠷᠢᠲᠠᠨ ᠳᠤ ᠠᠮᠢᠳᠤᠷᠠᠯ ᠤᠨ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ︾ ᠶᠢᠨ ᠲᠤᠬᠠᠢ ᠮᠡᠳᠡᠭᠳᠡᠶ᠎ᠡ᠂ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠰᠤᠭᠠᠢ᠃ | 2024 ᠤᠨ ᠤ 1 ᠰᠠᠷ᠎ᠠ ᠶᠢᠨ 25 ᠤ ᠡᠳᠦᠷ | | ᠹᠸᠢ ᠷᠦ᠋ ᠤᠯᠠᠭᠠᠨᠬᠠᠳᠠ ᠶᠢᠨ ᠳᠡᠳ᠋ ᠲᠦᠷ ᠴᠠᠭ ᠤᠨ ᠠᠵᠤ ᠦᠢᠯᠡᠰ ᠤᠨ ᠲᠤᠭᠤᠷᠢᠭ ᠤᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠳᠡᠭᠡᠳᠦ ᠳᠡᠰ ᠤᠨ ᠬᠠᠮᠢᠶᠠᠷᠤᠯᠲᠠ ᠶᠢᠨ ᠴᠢᠳᠠᠪᠤᠷᠢᠲᠠᠨ ᠳᠤ ᠠᠮᠢᠳᠤᠷᠠᠯ | ᠤᠨ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ | | ᠨᠢᠭᠡᠳᠦᠭᠡᠷ ᠵᠤᠷᠪᠤᠰ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠨᠠᠮ | ᠤᠨ ᠬᠤᠷᠢᠶ᠎ᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ︽ᠡᠬᠡ ᠬᠠᠭᠤᠷᠠᠢ ᠪᠠ ᠭᠠᠷᠠᠮ ᠢ | ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠵᠤ᠂ ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ | ᠠᠵᠤ ᠦᠢᠯᠡᠰ ᠤᠨ ᠲᠤᠭᠤᠷᠢᠭ ᠢ ᠴᠤᠭᠴᠠᠯᠠᠬᠤ ᠲᠤᠬᠠᠢ ᠬᠡᠷᠡᠭᠵᠢᠭᠦᠯᠬᠦ ᠰᠠᠨᠠᠯ︾ ︵ᠤᠯᠠᠭᠠᠨᠬᠠᠳᠠ ᠨᠠᠮ | ᠲᠠᠷᠬᠠᠭᠠᠭᠰᠠᠨ ﹇2017﹈ 17 ᠲᠤᠭᠠᠲᠤ︶᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ | ᠠᠯᠪᠠᠨ ᠭᠡᠷ ᠤᠨ ︽ᠤᠯᠠᠭᠠᠨᠬᠠᠳᠠ ᠬᠤᠲᠠ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ︿ᠹᠸᠢ ᠳ᠋ᠢ ᠠᠵᠤ | ᠠᠬᠤᠢ﹀ ᠶᠢᠨ ᠲᠦᠷᠦ ᠶᠢᠨ ᠪᠤᠳᠤᠯᠭ᠎ᠠ ᠶᠢᠨ ᠵᠢᠯᠤᠭᠤᠳᠬᠤ ᠰᠠᠨᠠᠯ︾ ︵ᠤᠯᠠᠭᠠᠨᠬᠠᠳᠠ ᠵᠠᠰᠠᠭ ᠠᠯᠪᠠᠨ | ᠲᠠᠷᠬᠠᠭᠠᠭᠰᠠᠨ ﹇2023﹈ 32 ᠲᠤᠭᠠᠲᠤ︶ ᠢ ᠦᠨᠳᠦᠰᠦᠯᠡᠨ᠂ ᠮᠠᠨ ᠤ ᠲᠤᠭᠤᠷᠢᠭ ᠤᠨ ᠪᠤᠳᠠᠲᠠᠢ ᠲᠠᠢ ᠪᠠᠨ | ᠤᠶᠠᠯᠳᠤᠭᠤᠯᠤᠨ᠂ ᠲᠤᠰ ᠲᠦᠷᠦ ᠶᠢᠨ ᠪᠤᠳᠤᠯᠭ᠎ᠠ ᠶᠢ ᠲᠤᠭᠲᠠᠭᠠᠪᠠ᠃ | | ᠬᠤᠶᠠᠳᠤᠭᠠᠷ ᠵᠤᠷᠪᠤᠰ ᠨᠦᠬᠦᠪᠦᠷᠢ ᠶᠢᠨ ᠬᠦᠷᠢᠶ᠎ᠡ ᠬᠡᠪᠴᠢᠶ᠎ᠡ᠃ ︽ᠡᠬᠡ ᠬᠠᠭᠤᠷᠠᠢ ᠪᠠ ᠭᠠᠷᠠᠮ ᠢ | ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠵᠤ᠂ ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ | ᠦᠢᠯᠡᠰ ᠤᠨ ᠲᠤᠭᠤᠷᠢᠭ ᠴᠤᠭᠴᠠᠯᠠᠬᠤ ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠠᠴᠠ ᠨᠡᠰᠢ᠂ ᠬᠤᠩᠱᠠᠨ | ᠲᠤᠭᠤᠷᠢᠭ ᠨᠢ ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ ᠦᠢᠯᠡᠰ ᠤᠨ ᠲᠤᠭᠤᠷᠢᠭ ᠲᠤ | ᠤᠷᠤᠭᠰᠠᠨ ᠮᠦᠷᠲᠡᠭᠡᠨ ᠨᠢᠭᠡ ᠤᠳᠠᠭᠠᠨ ᠤ ᠴᠢᠨᠠᠷᠲᠠᠢ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ 10 | ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠲᠠᠢ ᠪᠤᠯᠵᠠᠢ᠃ | | ᠭᠤᠷᠪᠠᠳᠤᠭᠠᠷ ᠵᠤᠷᠪᠤᠰ ᠨᠦᠬᠦᠪᠦᠷᠢ ᠶᠢᠨ ᠪᠠᠷᠢᠮᠵᠢᠶ᠎ᠠ᠃ ᠨᠦᠬᠦᠴᠡᠯ ᠳᠤ ᠨᠡᠶᠢᠴᠡᠭᠰᠡᠨ ᠠᠵᠤ | ᠠᠬᠤᠶᠢᠯᠠᠯ ᠳᠤ ᠵᠢᠯ ᠪᠦᠷᠢ ᠨᠢᠭᠡ ᠤᠳᠠᠭᠠᠨ ᠤ ᠴᠢᠨᠠᠷᠲᠠᠢ ᠠᠵᠤ ᠠᠬᠤᠶᠢᠯᠠᠯ ᠤᠨ ᠳᠡᠭᠡᠳᠦ ᠳᠡᠰ ᠤᠨ ᠬᠠᠮᠢᠶᠠᠷᠤᠯᠲᠠ | ᠶᠢᠨ ᠴᠢᠳᠠᠪᠤᠷᠢᠲᠠᠨ ᠳᠤ ᠠᠮᠢᠳᠤᠷᠠᠯ ᠤᠨ ᠨᠦᠬᠦᠪᠦᠷᠢ ᠨᠡᠶᠢᠲᠡ 150 ᠲᠦᠮᠡᠨ ᠲᠦᠭᠦᠷᠢᠭ ᠣᠯᠭᠤᠵᠤ᠂ ᠠᠵᠤ | ᠠᠬᠤᠶᠢᠯᠠᠯ ᠦᠪᠡᠷᠲᠡᠭᠡᠨ ᠲᠠᠷᠬᠠᠭᠠᠨ᠎ᠠ᠃ | | ᠳᠦᠷᠪᠡᠳᠦᠭᠡᠷ ᠵᠣᠷᠪᠤᠰ ᠨᠦᠬᠦᠪᠦᠷᠢ ᠣᠯᠭᠤᠬᠤ ᠠᠯᠬᠤᠮ ᠳᠠᠷᠠᠭ᠎ᠠ | | ︵ ᠨᠢᠭᠡ︶ ᠡᠷᠡᠮᠡᠯᠵᠡᠬᠦ᠃ ᠠᠵᠤ ᠠᠬᠤᠶᠢᠯᠠᠯ ᠨᠢᠭᠡ ᠤᠳᠠᠭᠠᠨ ᠤ ᠴᠢᠨᠠᠷᠲᠠᠢ ᠲᠤᠭᠲᠠᠮᠠᠯ ᠬᠦᠷᠦᠩᠭᠡ ᠶᠢᠨ | ᠪᠡᠯᠡ ᠣᠷᠤᠭᠤᠯᠤᠯᠲᠠ ᠨᠢ 10 ᠳ᠋ᠦᠩᠰᠢᠭᠤᠷ ᠲᠦᠭᠦᠷᠢᠭ ᠢ ᠳᠠᠪᠠᠪᠠᠯ᠂ ᠠᠵᠤ ᠦᠢᠯᠡᠳᠪᠦᠷᠢ ᠪᠠ ᠰᠤᠷᠠᠭ | ᠵᠠᠩᠭᠢᠵᠢᠯᠲᠠ ᠶᠢᠨ ᠲᠤᠪᠴᠢᠶᠠᠨ ᠳᠤ ᠨᠦᠬᠦᠪᠦᠷᠢ ᠡᠷᠡᠮᠡᠯᠵᠡᠵᠦ ᠪᠤᠯᠤᠨ᠎ᠠ᠂ ᠡᠷᠡᠮᠡᠯᠵᠡᠯ ᠤᠨ ᠪᠢᠴᠢᠭ᠂ ᠦᠢᠯᠡᠳᠪᠦᠷᠢ | ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ᠂ ᠲᠦᠷᠦᠯ ᠵᠦᠢᠯ ᠢ ᠳᠠᠩᠰᠠᠯᠠᠭᠰᠠᠨ ᠪᠢᠴᠢᠭ ᠮᠠᠲ᠋ᠧᠷᠢᠶᠠᠯ᠂ | ᠲᠤᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢᠨ ᠬᠠᠮᠢᠶ᠎ᠠ ᠪᠦᠬᠦᠢ ᠭᠡᠷᠡᠴᠢ᠂ ᠳᠡᠭᠡᠳᠦ ᠳᠡᠰ ᠤᠨ | ᠬᠠᠮᠢᠶᠠᠷᠤᠯᠲᠠ ᠶᠢᠨ ᠴᠢᠳᠠᠪᠤᠷᠢᠲᠠᠨ ᠤ ᠨᠡᠷᠡᠰ᠂ ︽ᠢᠲᠡᠭᠡᠮᠵᠢᠲᠦ ᠳᠤᠮᠳᠠᠳᠤ ᠤᠯᠤᠰ︾ ᠰᠦᠯᠵᠢᠶᠡᠨ ᠳᠤ ᠢᠲᠡᠭᠡᠮᠵᠢ | ᠠᠯᠳᠠᠭᠰᠠᠨ ᠦᠩᠭᠡᠷᠡᠯᠲᠡ ᠦᠭᠡᠢ ᠪᠠᠶᠢᠬᠤ ᠭᠡᠷᠡᠴᠢᠯᠡᠯ ᠵᠡᠷᠭᠡ ᠮᠠᠲ᠋ᠧᠷᠢᠶᠠᠯ ᠢ ᠬᠠᠩᠭᠠᠬᠤ ᠬᠡᠷᠡᠭᠲᠡᠢ᠃ | ︵ ᠬᠤᠶᠠᠷ︶ ᠬᠢᠨᠠᠨ ᠬᠠᠷᠭᠤᠭᠤᠯᠬᠤ᠃ ᠲᠤᠭᠤᠷᠢᠭ ᠤᠨ ᠠᠵᠤ ᠦᠢᠯᠡᠳᠪᠦᠷᠢ ᠪᠠ ᠰᠤᠷᠠᠭ ᠵᠠᠩᠭᠢᠵᠢᠯᠲᠠ | ᠶᠢᠨ ᠲᠤᠪᠴᠢᠶ᠎ᠠ ᠲᠤᠭᠤᠷᠢᠭ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ | ᠲᠤᠪᠴᠢᠶ᠎ᠠ᠂ ᠪᠦᠷᠢᠳᠬᠡᠯ ᠤᠨ ᠲᠤᠪᠴᠢᠶ᠎ᠠ ᠵᠡᠷᠭᠡ ᠰᠠᠯᠠᠭ᠎ᠠ ᠮᠦᠴᠢᠷ ᠠᠴᠠ ᠪᠦᠷᠢᠯᠳᠦᠭᠰᠡᠨ ᠬᠢᠨᠠᠨ ᠲᠤᠭᠲᠠᠭᠠᠬᠤ | ᠵᠦᠪᠯᠡᠯ ᠲᠠᠢ ᠬᠠᠮᠵᠢᠯᠴᠠᠨ᠂ ᠡᠷᠡᠮᠡᠯᠵᠡᠭᠰᠡᠨ ᠠᠵᠤ ᠠᠬᠤᠶᠢᠯᠠᠯ ᠤᠨ ᠬᠢᠷᠢ ᠬᠡᠮ ᠤᠨ ᠨᠦᠬᠦᠴᠡᠯ ᠪᠠ ᠬᠠᠮᠢᠶ᠎ᠠ ᠪᠦᠬᠦᠢ | ᠮᠠᠲ᠋ᠧᠷᠢᠶᠠᠯ ᠢ ᠶᠡᠷᠦᠩᠬᠡᠶᠢᠯᠡᠨ ᠬᠢᠨᠠᠨ ᠪᠠᠶᠢᠴᠠᠭᠠᠵᠤ᠂ ᠲᠤᠬᠠᠢ ᠶᠢᠨ ᠲᠠᠯᠠᠪᠠᠢ ᠳᠤ ᠰᠤᠷᠪᠤᠯᠵᠢᠯᠠᠨ ᠪᠠᠶᠢᠴᠠᠭᠠᠨ᠎ᠠ᠃ | ᠬᠢᠨᠠᠨ ᠰᠢᠯᠭᠠᠭᠰᠠᠨ ᠤ ᠳᠠᠷᠠᠭ᠎ᠠ ᠨᠦᠬᠦᠴᠡᠯ ᠳᠤ ᠨᠡᠶᠢᠴᠡᠬᠦ ᠦᠭᠡᠢ ᠪᠤᠯ᠂ 5 ᠠᠵᠢᠯᠯᠠᠬᠤ ᠡᠳᠦᠷ ᠤᠨ ᠲᠤᠲᠤᠷ᠎ᠠ | ᠠᠵᠤ ᠠᠬᠤᠶᠢᠯᠠᠯ ᠳᠤ ᠮᠡᠳᠡᠭᠳᠡᠬᠦ ᠶᠢᠨ ᠬᠠᠮᠲᠤ ᠰᠢᠯᠲᠠᠭᠠᠨ ᠢᠶᠠᠨ ᠲᠤᠳᠤᠷᠬᠠᠶᠢᠯᠠᠨ᠎ᠠ᠃ ᠬᠢᠨᠠᠨ ᠰᠢᠯᠭᠠᠭᠰᠠᠨ ᠤ | ᠳᠠᠷᠠᠭ᠎ᠠ ᠨᠦᠬᠦᠴᠡᠯ ᠳᠤ ᠨᠡᠶᠢᠴᠡᠪᠡᠯ ᠲᠤᠭᠤᠷᠢᠭ ᠤᠨ ᠠᠵᠤ ᠦᠢᠯᠡᠳᠪᠦᠷᠢ ᠪᠠ ᠰᠤᠷᠠᠭ ᠵᠠᠩᠭᠢᠵᠢᠯᠲᠠ ᠶᠢᠨ | ᠲᠤᠪᠴᠢᠶ᠎ᠠ ᠲᠤᠭᠤᠷᠢᠭ ᠤᠨ ᠵᠠᠰᠠᠭ ᠤᠨ ᠣᠷᠳᠤᠨ ᠳᠤ ᠮᠡᠳᠡᠭᠦᠯᠵᠦ ᠬᠢᠨᠠᠨ ᠵᠦᠪᠯᠡᠭᠦᠯᠦᠨ᠎ᠡ᠃ | ︵ᠭᠤᠷᠪᠠ︶ ᠢᠯᠡ ᠨᠡᠶᠢᠲᠡᠯᠡᠬᠦ᠃ ᠲᠤᠭᠤᠷᠢᠭ ᠤᠨ ᠵᠠᠰᠠᠭ ᠤᠨ ᠣᠷᠳᠤᠨ ᠬᠢᠨᠠᠨ ᠵᠦᠪᠯᠡᠵᠦ | ᠵᠦᠪᠰᠢᠶᠡᠷᠡᠪᠡᠯ᠂ ᠲᠤᠭᠤᠷᠢᠭ ᠤᠨ ᠠᠵᠤ ᠦᠢᠯᠡᠳᠪᠦᠷᠢ ᠪᠠ ᠰᠤᠷᠠᠭ ᠵᠠᠩᠭᠢᠵᠢᠯᠲᠠ ᠶᠢᠨ ᠲᠤᠪᠴᠢᠶ᠎ᠠ ᠢᠯᠡ | ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 7 ᠡᠳᠦᠷ᠃ | ︵ᠳᠦᠷᠪᠡ︶ ᠲᠠᠷᠬᠠᠭᠠᠬᠤ ᠃ ᠢᠯᠡ ᠨᠡᠶᠢᠲᠡᠯᠡᠯ ᠳᠤ ᠤᠨᠳᠤᠤ ᠰᠠᠨᠠᠯ ᠦᠭᠡᠢ ᠪᠣᠯ ᠲᠤᠭᠤᠷᠢᠭ ᠤᠨ ᠠᠵᠤ | ᠦᠢᠯᠡᠳᠪᠦᠷᠢ ᠪᠠ ᠰᠤᠷᠠᠭ ᠵᠠᠩᠭᠢᠵᠢᠯᠲᠠ ᠶᠢᠨ ᠲᠤᠪᠴᠢᠶ᠎ᠠ ᠡᠳ᠋ ᠤᠨ ᠵᠠᠰᠠᠭ ᠤᠨ ᠲᠤᠪᠴᠢᠶ᠎ᠠ ᠲᠠᠢ ᠵᠦᠪᠳᠡᠯᠴᠡᠨ | ᠲᠦᠷᠦ ᠶᠢᠨ ᠪᠤᠳᠤᠯᠭ᠎ᠠ ᠶᠢᠨ ᠳᠡᠳᠬᠦᠮᠵᠢ ᠶᠢᠨ ᠪᠡᠯᠡ ᠮᠦᠩᠭᠦ ᠶᠢ ᠲᠠᠷᠬᠠᠭᠠᠨ᠎ᠠ᠃ | ᠲᠠᠪᠤᠳᠤᠭᠠᠷ ᠵᠤᠷᠪᠤᠰ ᠤᠯᠤᠰ᠂ ᠦᠪᠡᠷᠲᠡᠭᠡᠨ ᠵᠠᠰᠠᠬᠤ ᠣᠷᠤᠨ᠂ ᠤᠯᠠᠭᠠᠨᠬᠠᠳᠠ ᠬᠤᠲᠠ ᠶᠢᠨ ᠰᠢᠨ᠎ᠡ | ᠭᠠᠷᠭᠠᠭᠰᠠᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠤᠶᠤ ︽ᠡᠬᠡ ᠬᠠᠭᠤᠷᠠᠢ ᠪᠠ ᠭᠠᠷᠠᠮ ᠢ ᠠᠭᠤᠰᠤᠯᠴᠠᠭᠤᠯᠤᠨ | ᠬᠦᠭᠵᠢᠭᠦᠯᠬᠦ ᠶᠢ ᠠᠬᠢᠭᠤᠯᠵᠤ᠂ ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ ᠦᠢᠯᠡᠰ ᠤᠨ | ᠲᠤᠭᠤᠷᠢᠭ ᠢ ᠴᠤᠭᠴᠠᠯᠠᠬᠤ ᠬᠡᠷᠡᠭᠵᠢᠭᠦᠯᠬᠦ ᠲᠥᠰᠦᠯ︾ ᠳᠤ ᠲᠤᠬᠢᠷᠠᠭᠤᠯᠤᠯᠲᠠ ᠬᠢᠪᠡᠯ᠂ ᠲᠤᠰ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠶᠢ ᠵᠤᠭᠰᠤᠭᠠᠨ᠎ᠠ᠃ | | ᠵᠢᠷᠭᠤᠳᠤᠭᠠᠷ ᠵᠤᠷᠪᠤᠰ ᠲᠤᠰ ᠲᠦᠷᠦ ᠶᠢᠨ ᠪᠤᠳᠤᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠠᠶᠢᠭ᠎ᠠ ᠬᠤᠭᠤᠴᠠᠭᠠᠨ ᠳᠤ ᠡᠷᠡᠮᠡᠯᠵᠡᠭᠡᠳ | ᠬᠠᠷᠠᠬᠠᠨ ᠤᠯᠭᠤᠭ᠎ᠠ ᠦᠭᠡᠢ ᠨᠦᠬᠦᠪᠦᠷᠢ ᠶᠢᠨ ᠮᠦᠩᠭᠦ ᠶᠢ ᠠᠯᠭᠤᠷᠯᠠᠨ ᠤᠯᠭᠤᠵᠤ ᠪᠤᠯᠤᠨ᠎ᠠ᠃ | | ᠳᠤᠯᠤᠳᠤᠭᠠᠷ ᠵᠤᠷᠪᠤᠰ ᠲᠤᠰ ᠲᠦᠷᠦ ᠶᠢᠨ ᠪᠤᠳᠤᠯᠭ᠎ᠠ ᠶᠢ ᠲᠤᠭᠤᠷᠢᠭ ᠤᠨ ᠵᠠᠰᠠᠭ ᠤᠨ ᠣᠷᠳᠤᠨ | ᠬᠠᠷᠢᠭᠤᠴᠠᠨ ᠲᠠᠶᠢᠯᠪᠤᠷᠢᠯᠠᠨ᠎ᠠ᠂ ᠪᠤᠳᠠᠲᠠᠢ ᠲᠠᠶᠢᠯᠪᠤᠷᠢᠯᠠᠬᠤ ᠠᠵᠢᠯ ᠢ ᠲᠤᠭᠤᠷᠢᠭ ᠤᠨ ᠠᠵᠤ ᠦᠢᠯᠡᠳᠪᠦᠷᠢ ᠪᠠ | ᠰᠤᠷᠠᠭ ᠵᠠᠩᠭᠢᠵᠢᠯᠲᠠ ᠶᠢᠨ ᠲᠤᠪᠴᠢᠶ᠎ᠠ ᠡᠭᠦᠷᠭᠡᠯᠡᠨ᠎ᠡ᠃ | | ᠨᠠᠢᠮᠠᠳᠤᠭᠠᠷ ᠵᠤᠷᠪᠤᠰ ᠳᠠᠭᠠᠯᠳᠤᠭᠤᠯᠤᠯ ᠳᠦᠷᠢᠮ | | ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ ᠦᠢᠯᠡᠰ ᠤᠨ ᠲᠤᠭᠤᠷᠢᠭ ᠪᠤᠯ ︽ᠡᠬᠡ | ᠬᠠᠭᠤᠷᠠᠢ ᠪᠠ ᠭᠠᠷᠠᠮ ᠢ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠵᠤ᠂ ᠤᠯᠠᠭᠠᠨᠬᠠᠳᠠ ᠶᠢᠨ ᠳᠡᠳ᠋ ᠲᠦᠷ ᠴᠠᠭ | ᠤᠨ ᠭᠠᠷᠠᠮ ᠤᠨ ᠠᠵᠤ ᠦᠢᠯᠡᠰ ᠤᠨ ᠲᠤᠭᠤᠷᠢᠭ ᠢ ᠴᠤᠭᠴᠠᠯᠠᠬᠤ ᠬᠡᠷᠡᠭᠵᠢᠭᠦᠯᠬᠦ ᠰᠠᠨᠠᠯ︾ ︵ᠤᠯᠠᠭᠠᠨᠬᠠᠳᠠ ᠨᠠᠮ | ᠲᠠᠷᠬᠠᠭᠠᠭᠰᠠᠨ ﹇2018﹈ 17 ᠲᠤᠭᠠᠲᠤ︶ ᠳᠤ ᠲᠤᠭᠲᠠᠭᠠᠭᠰᠠᠨ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ | ᠤᠨ ᠠᠵᠤ ᠦᠢᠯᠡᠰ ᠤᠨ ᠨᠡᠭᠡᠭᠡᠯᠲᠡ ᠶᠢᠨ ᠲᠤᠭᠤᠷᠢᠭ ︽ᠨᠢᠭᠡ ᠲᠤᠭᠤᠷᠢᠭ ᠳᠦᠷᠪᠡᠨ ᠬᠦᠷᠢᠶᠡᠯᠡᠩ︾ ᠳᠠᠬᠢ ᠵᠡᠭᠦᠨ | ᠠᠭᠤᠯᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ︵ᠤᠤᠯ ᠤᠨ ᠮᠠ ᠯᠢᠨ ᠦᠢᠯᠡᠳᠪᠦᠷᠢ ᠶᠢᠨ | ᠬᠦᠷᠢᠶᠡᠯᠡᠩ ᠲᠤᠭᠤᠷᠢᠭ︶ ᠪᠠ ᠶᠤᠸᠠᠨ ᠪᠤᠤ ᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢ ᠵᠢᠭᠠᠵᠤ | ᠪᠤᠢ᠃ | | ᠳᠡᠭᠡᠳᠦ ᠳᠡᠰ ᠤᠨ ᠬᠠᠮᠢᠶᠠᠷᠤᠯᠲᠠ ᠶᠢᠨ ᠴᠢᠳᠠᠪᠤᠷᠢᠲᠠᠨ ᠭᠡᠵᠦ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠺᠤᠮᠫᠠᠨᠢ ᠶᠢᠨ ᠬᠠᠤᠯᠢ︾ ᠶᠢᠨ ᠬᠤᠶᠠᠷ ᠵᠠᠭᠤ ᠠᠷᠪᠠᠨ ᠵᠢᠷᠭᠤᠳᠤᠭᠠᠷ ᠵᠤᠷᠪᠤᠰ ᠲᠤ | ᠲᠤᠭᠲᠠᠭᠠᠭᠰᠠᠨ ᠬᠠᠮᠢᠶ᠎ᠠ ᠪᠦᠬᠦᠢ ᠬᠦᠮᠦᠰ ᠢ ᠵᠢᠭᠠᠵᠤ ᠪᠤᠢ᠃ | | ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠠᠶᠢᠯᠤᠮᠵᠢ᠄ ︽ᠹᠧᠢ ᠷᠦ᠋ ᠤᠯᠠᠭᠠᠨᠬᠠᠳᠠ ᠶᠢᠨ ᠳᠡᠳ᠋ | ᠲᠦᠷ ᠴᠠᠭ ᠤᠨ ᠭᠠᠷᠠᠮ ᠤᠨ ᠠᠵᠤ ᠦᠢᠯᠡᠰ ᠤᠨ ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠳᠡᠭᠡᠳᠦ ᠳᠡᠰ ᠤᠨ ᠬᠠᠮᠢᠶᠠᠷᠤᠯᠲᠠ ᠶᠢᠨ ᠴᠢᠳᠠᠪᠤᠷᠢᠲᠠᠨ ᠳᠤ ᠠᠮᠢᠳᠤᠷᠠᠯ ᠤᠨ ᠨᠦᠬᠦᠪᠦᠷᠢ ᠤᠯᠭᠤᠬᠤ ᠲᠦᠷᠦ ᠶᠢᠨ | ᠪᠤᠳᠤᠯᠭ᠎ᠠ︾ ᠶᠢᠨ ᠲᠤᠬᠠᠢ ᠲᠠᠶᠢᠯᠤᠮᠵᠢ |