︽ᠹᠸᠢ ᠷᠦ᠋ ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ ᠦᠢᠯᠡᠰ ᠤᠨ ᠲᠤᠭᠤᠷᠢᠭ  ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠡᠭᠡᠳᠦ ᠳᠡᠰ ᠤᠨ ᠬᠠᠮᠢᠶᠠᠷᠤᠯᠲᠠ ᠶᠢᠨ ᠴᠢᠳᠠᠪᠤᠷᠢᠲᠠᠨ ᠳᠤ ᠠᠮᠢᠳᠤᠷᠠᠯ ᠤᠨ ᠨᠦᠬᠦᠪᠦᠷᠢ ᠣᠯᠭᠤᠬᠤ ᠲᠤᠬᠠᠢ ᠲᠦᠷᠦ ᠶᠢᠨ ᠪᠤᠳᠤᠯᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/12
       ᠬᠤᠩᠱᠠᠨ ᠲᠣᠭᠤᠷᠢᠭ ᠤᠨ ᠵᠠᠰᠠᠭ ᠤᠨ ᠣᠷᠳᠤᠨ ᠤ ᠨᠠᠮ ᠤᠨ ᠳᠤᠭᠤᠶᠢᠯᠠᠩ ᠤᠨ ᠬᠤᠷᠠᠯ ᠢᠶᠠᠷ ᠬᠢᠨᠠᠨ ᠵᠦᠪᠯᠡᠵᠦ ᠪᠠᠲᠤᠯᠠᠭᠠᠳ ᠳᠤᠤᠷ᠎ᠠ ︽ᠹᠸᠢ ᠷᠦ᠋ ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ ᠦᠢᠯᠡᠰ ᠤᠨ ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠡᠭᠡᠳᠦ ᠳᠡᠰ ᠤᠨ ᠬᠠᠮᠢᠶᠠᠷᠤᠯᠲᠠ  ᠶᠢᠨ ᠴᠢᠳᠠᠪᠤᠷᠢᠲᠠᠨ ᠳᠤ ᠠᠮᠢᠳᠤᠷᠠᠯ ᠤᠨ ᠨᠦᠬᠦᠪᠦᠷᠢ ᠣᠯᠭᠤᠬᠤ ᠲᠦᠷᠦ ᠶᠢᠨ ᠪᠤᠳᠤᠯᠭ᠎ᠠ︾ ᠶᠢᠨ ᠬᠠᠮᠢᠶ᠎ᠠ ᠪᠦᠬᠦᠢ ᠠᠭᠤᠯᠭ᠎ᠠ ᠳᠤ ᠲᠠᠶᠢᠯᠤᠮᠵᠢ ᠬᠢᠶ᠎ᠡ᠄        ᠨᠢᠭᠡ᠂ ᠲᠤᠭᠲᠠᠭᠠᠭᠰᠠᠨ ᠠᠬᠤᠢ ᠪᠠᠶᠢᠳᠠᠯ        ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶ᠎ᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ︽ᠡᠬᠡ ᠬᠠᠭᠤᠷᠠᠢ ᠪᠠ ᠭᠠᠷᠠᠮ ᠠᠭᠤᠰᠤᠯᠴᠠᠨ ᠬᠦᠭᠵᠢᠬᠦ ᠶᠢ ᠠᠬᠢᠭᠤᠯᠵᠤ᠂ ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ ᠦᠢᠯᠡᠰ ᠤᠨ ᠲᠤᠭᠤᠷᠢᠭ ᠢ ᠴᠤᠭᠴᠠᠯᠠᠬᠤ ᠬᠡᠷᠡᠭᠵᠢᠭᠦᠯᠬᠦ ᠰᠠᠨᠠᠯ︾  ︵ᠤᠯᠠᠭᠠᠨᠬᠠᠳᠠ ᠨᠠᠮ ᠲᠠᠷᠬᠠᠭᠠᠭᠰᠠᠨ ﹇2018﹈ 17 ᠲᠤᠭᠠᠲᠤ︶᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ︽ᠤᠯᠠᠭᠠᠨᠬᠠᠳᠠ ᠬᠤᠲᠠ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ  ︿ᠹᠸᠢ ᠳ᠋ᠢ ᠠᠵᠤ ᠠᠬᠤᠢ  ﹀ ᠶᠢ ᠬᠡᠷᠡᠭᠵᠢᠭᠦᠯᠬᠦ ᠲᠦᠷᠦ ᠶᠢᠨ ᠪᠤᠳᠤᠯᠭ᠎ᠠ ᠶᠢᠨ ᠲᠤᠬᠠᠢ ᠵᠢᠯᠤᠭᠤᠳᠬᠤ ᠰᠠᠨᠠᠯ︾  ︵ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ ﹇2023﹈ 32 ᠲᠤᠭᠠᠲᠤ︶ ᠢ ᠦᠨᠳᠦᠰᠦᠯᠡᠨ᠂ ᠮᠠᠨ ᠤ ᠲᠤᠭᠤᠷᠢᠭ ᠤᠨ ᠹᠸᠢ ᠷᠦ᠋ ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ ᠦᠢᠯᠡᠰ ᠤᠨ ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠬᠠᠨᠳᠤᠭᠤᠯᠤᠨ᠂ ᠮᠠᠨ ᠤ ᠲᠤᠭᠤᠷᠢᠭ ᠤᠨ ᠪᠤᠳᠠᠲᠠᠢ ᠲᠠᠢ ᠤᠶᠠᠯᠳᠤᠭᠤᠯᠵᠤ᠂ ᠲᠤᠰ ᠳᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠲᠤᠭᠲᠠᠭᠠᠪᠠ᠃        ᠬᠤᠶᠠᠷ᠂ ᠬᠡᠷᠡᠭᠯᠡᠬᠦ ᠵᠤᠷᠢᠯᠭ᠎ᠠ        ︽ᠡᠬᠡ ᠬᠠᠭᠤᠷᠠᠢ ᠪᠠ ᠭᠠᠷᠠᠮ ᠠᠭᠤᠰᠤᠯᠴᠠᠨ ᠬᠦᠭᠵᠢᠬᠦ ᠶᠢ ᠠᠬᠢᠭᠤᠯᠵᠤ᠂ ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ ᠦᠢᠯᠡᠰ ᠤᠨ ᠲᠤᠭᠤᠷᠢᠭ ᠢ ᠴᠤᠭᠴᠠᠯᠠᠬᠤ ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠠᠴᠠ ᠨᠠᠰᠢ᠂ ᠬᠤᠩᠱᠠᠨ ᠲᠣᠭᠤᠷᠢᠭ ᠤᠨ ᠹᠸᠢ ᠷᠦ᠋ ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ ᠦᠢᠯᠡᠰ ᠤᠨ ᠲᠤᠭᠤᠷᠢᠭ ᠲᠤ ᠬᠠᠨᠳᠤᠭᠤᠯᠤᠨ᠂ ᠤᠨᠴᠠᠭᠠᠶᠢᠯᠠᠨ ᠨᠢᠭᠡ ᠤᠳᠠᠭᠠᠨ ᠤ ᠴᠢᠨᠠᠷᠲᠠᠢ  ᠪᠠᠷ ᠲᠤᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠨᠢ 10 ᠳ᠋ᠦᠩᠰᠢᠭᠤᠷ ᠲᠦᠭᠦᠷᠢᠭ ᠢ ᠳᠠᠪᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠬᠠᠨᠳᠤᠭᠤᠯᠪᠠ᠃        ᠭᠤᠷᠪᠠ᠂ ᠭᠤᠤᠯ ᠠᠭᠤᠯᠭ᠎ᠠ        ︵ᠨᠢᠭᠡ︶ ᠨᠦᠬᠦᠪᠦᠷᠢ ᠶᠢᠨ ᠪᠠᠷᠢᠮᠵᠢᠶ᠎ᠠ᠃ ᠨᠦᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠳᠤ ᠵᠢᠯ ᠪᠦᠷᠢ ᠨᠢᠭᠡ ᠤᠳᠠᠭᠠᠨ ᠤ ᠴᠢᠨᠠᠷᠲᠠᠢ ᠪᠠᠷ ᠠᠵᠤ ᠠᠬᠤᠶᠢᠯᠠᠯ ᠳᠤ ᠳᠡᠭᠡᠳᠦ ᠳᠡᠰ ᠤᠨ ᠬᠠᠮᠢᠶᠠᠷᠤᠯᠲᠠ ᠶᠢᠨ ᠴᠢᠳᠠᠪᠤᠷᠢᠲᠠᠨ ᠤ ᠠᠮᠢᠳᠤᠷᠠᠯ ᠤᠨ ᠨᠦᠬᠦᠪᠦᠷᠢ ᠨᠡᠶᠢᠲᠡ150 ᠲᠦᠮᠡᠨ ᠲᠦᠭᠦᠷᠢᠭ ᠦᠭᠴᠦ᠂ ᠠᠵᠤ ᠠᠬᠤᠶᠢᠯᠠᠯ ᠦᠪᠡᠷᠲᠡᠭᠡᠨ ᠲᠠᠷᠬᠠᠭᠠᠨ᠎ᠠ᠃        ︵ᠬᠤᠶᠠᠷ︶ ᠨᠦᠬᠦᠪᠦᠷᠢ ᠶᠢᠨ ᠠᠯᠬᠤᠮ ᠳᠠᠷᠠᠭ᠎ᠠ᠃ ᠡᠷᠡᠮᠡᠯᠵᠡᠬᠦ᠂ ᠬᠢᠨᠠᠨ ᠲᠤᠭᠲᠠᠭᠠᠬᠤ᠂ ᠢᠯᠡ ᠨᠡᠶᠢᠲᠡᠯᠡᠬᠦ᠂ ᠲᠠᠷᠬᠠᠭᠠᠬᠤ 4 ᠠᠯᠬᠤᠮ ᠢᠶᠠᠷ ᠶᠠᠪᠤᠭᠳᠠᠨ᠎ᠠ᠃        ︵ᠭᠤᠷᠪᠠ︶ ᠪᠤᠰᠤᠳ ᠲᠠᠯ᠎ᠠ ᠪᠠᠷ᠃ ᠲᠦᠷᠦ ᠶᠢᠨ ᠪᠤᠳᠤᠯᠭ᠎ᠠ ᠳᠤ ᠲᠤᠬᠢᠷᠠᠬᠤ ᠦᠭᠡᠢ ᠨᠦᠬᠦᠴᠡᠯ ᠪᠠ ᠬᠦᠷᠢᠶ᠎ᠡ ᠬᠡᠪᠴᠢᠶ᠎ᠡ ᠶᠢ ᠲᠤᠲᠤᠷᠬᠠᠢ ᠲᠤᠭᠲᠠᠭᠠᠪᠠ᠃        ︵ᠳᠦᠷᠪᠡ︶ ᠲᠦᠷᠦ ᠶᠢᠨ ᠪᠤᠳᠤᠯᠭ᠎ᠠ ᠶᠢᠨ ᠴᠠᠭ ᠬᠤᠭᠤᠴᠠᠭ᠎ᠠ᠃ ᠲᠤᠰ ᠲᠦᠷᠦ ᠶᠢᠨ ᠪᠤᠳᠤᠯᠭ᠎ᠠ ᠶᠢᠨ ᠬᠦᠴᠦᠨ ᠪᠦᠬᠦᠢ ᠬᠤᠭᠤᠴᠠᠭᠠᠨ ᠳᠤ ᠬᠡᠷᠪᠡ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠳᠠ ᠬᠤᠲᠠ ᠬᠠᠮᠢᠶ᠎ᠠ ᠪᠦᠬᠦᠢ ᠰᠢᠨ᠎ᠡ ᠲᠦᠷᠦ ᠶᠢᠨ ᠪᠤᠳᠤᠯᠭ᠎ᠠ ᠭᠠᠷᠭᠠᠬᠤ ᠪᠤᠶᠤ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠲᠠ ᠬᠢᠪᠡᠯ᠂ ᠲᠤᠰ ᠲᠦᠷᠦ ᠶᠢᠨ ᠪᠤᠳᠤᠯᠭ᠎ᠠ ᠶᠢ ᠦᠭᠡᠶᠢᠰᠬᠡᠨ᠎ᠡ᠃ᠬᠠᠮᠢᠶ᠎ᠠ ᠪᠦᠬᠦᠢ ᠪᠢᠴᠢᠭ ᠮᠠᠲ᠋ᠧᠷᠢᠶᠠᠯ᠄ ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ ᠤᠨ ᠠᠷᠠᠳ ᠤᠨ ᠵᠠᠰᠠᠭ  ᠤᠨ ᠣᠷᠳᠤᠨ ᠲᠠᠷᠬᠠᠭᠠᠭᠰᠠᠨ ︽ᠹᠸᠢ ᠷᠦ᠋ ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ ᠦᠢᠯᠡᠰ  ᠤᠨ ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠡᠭᠡᠳᠦ ᠳᠡᠰ ᠤᠨ ᠬᠠᠮᠢᠶᠠᠷᠤᠯᠲᠠ ᠶᠢᠨ ᠴᠢᠳᠠᠪᠤᠷᠢᠲᠠᠨ ᠳᠤ ᠠᠮᠢᠳᠤᠷᠠᠯ ᠤᠨ ᠨᠦᠬᠦᠪᠦᠷᠢ ᠣᠯᠭᠤᠬᠤ ᠲᠦᠷᠦ ᠶᠢᠨ ᠪᠤᠳᠤᠯᠭ᠎ᠠ︾ ᠶᠢᠨ ᠲᠤᠬᠠᠢ ᠮᠡᠳᠡᠭᠳᠡᠯ
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号