| | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠲᠤᠭᠤᠷᠢᠭ ᠤᠨ ᠰᠢᠭᠤᠳ ᠬᠠᠷᠢᠶ᠎ᠠ ᠡᠯ᠎ᠡ ᠬᠡᠯᠲᠡᠰ ᠵᠦᠪᠯᠡᠯ ᠠᠯᠪᠠᠨ ᠭᠡᠷ ᠲᠤᠪᠴᠢᠶᠠᠨ ᠳᠤ᠄ | | ᠲᠦᠷᠦ ᠶᠢᠨ ᠶᠠᠪᠤᠳᠠᠯ ᠤᠨ ᠬᠤᠷᠢᠶᠠᠨ ᠤ ︽ᠬᠤᠲᠠ ᠶᠢᠨ ᠳᠤᠤᠷ᠎ᠠ ᠤᠷᠤᠯᠭ᠎ᠠ ᠲᠠᠢ ᠭᠡᠷ ᠪᠦᠯᠢ ᠶᠢᠨ | ᠤᠷᠤᠨ ᠰᠠᠭᠤᠴᠠ ᠶᠢᠨ ᠬᠦᠴᠢᠷᠳᠡᠯ ᠢ ᠰᠢᠢᠳᠪᠦᠷᠢᠯᠡᠬᠦ ᠲᠤᠬᠠᠢ ᠰᠠᠨᠠᠯ ᠤᠳ︾ ︵ᠲᠦᠷᠦ ᠲᠠᠷᠬᠠᠭᠠᠭᠰᠠᠨ ﹇2007 | ﹈ 24 ᠲᠤᠭᠠᠲᠤ︶᠂ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ︽ᠬᠤᠲᠠ | ᠪᠠᠯᠭᠠᠰᠤᠨ ᠤ ᠬᠢᠮᠳᠡ ᠳᠦᠷᠢᠶᠡᠰᠦᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ | ᠬᠢᠬᠦ ᠲᠤᠬᠠᠢ ᠮᠡᠳᠡᠭᠳᠡᠯ︾ ︵ᠦᠪᠦᠷ ᠵᠠᠰᠠᠭ ᠲᠠᠷᠬᠠᠭᠠᠭᠰᠠᠨ ﹇2008﹈ 4 ᠲᠤᠭᠠᠲᠤ︶ ᠤᠨ ᠱᠠᠭᠠᠷᠳᠠᠯᠭ᠎ᠠ | ᠶᠤᠰᠤᠭᠠᠷ᠂ ᠲᠤᠭᠤᠷᠢᠭ ᠤᠨ ᠵᠠᠰᠠᠭ ᠤᠨ ᠣᠷᠳᠤᠨ ᠰᠤᠳᠤᠯᠤᠨ ᠶᠠᠷᠢᠯᠴᠠᠵᠤ᠂ 2024 ᠤᠨ ᠤ ᠬᠢᠮᠳᠡ | ᠳᠦᠷᠢᠶᠡᠰᠦᠨ ᠰᠠᠭᠤᠴᠠ ᠶᠢᠨ ᠨᠦᠬᠦᠪᠦᠷᠢ ᠶᠢ ᠲᠠᠷᠬᠠᠭᠠᠬᠤ ᠠᠵᠢᠯ ᠢ ᠦᠷᠨᠢᠭᠦᠯᠬᠦ ᠪᠠᠷ ᠲᠤᠭᠲᠠᠪᠠ᠃ ᠡᠯ᠎ᠡ | ᠪᠠᠶᠢᠭᠤᠯᠭ᠎ᠠ ᠨᠢᠭᠡᠴᠡ ︽ᠬᠤᠩᠱᠠᠨ ᠲᠣᠭᠤᠷᠢᠭ ᠤᠨ ᠬᠢᠮᠳᠡ ᠳᠦᠷᠢᠶᠡᠰᠦᠨ ᠰᠠᠭᠤᠴᠠ ᠶᠢᠨ ᠨᠦᠬᠦᠪᠦᠷᠢ ᠲᠠᠷᠬᠠᠭᠠᠬᠤ | ᠠᠵᠢᠯ ᠢ ᠬᠡᠷᠡᠭᠵᠢᠭᠦᠯᠬᠦ ᠲᠥᠰᠦᠯ︾ ︵ᠤᠯᠠᠭᠠᠨᠬᠠᠳᠠ ᠬᠤᠩᠱᠠᠨ ᠵᠠᠰᠠᠭ ᠠᠯᠪᠠᠨ ᠲᠠᠷᠬᠠᠭᠠᠭᠰᠠᠨ ﹇2018﹈ 30 | ᠲᠤᠭᠠᠲᠤ︶ ᠳᠤ ᠲᠤᠭᠲᠠᠭᠠᠭᠰᠠᠨ ᠡᠷᠡᠮᠡᠯᠵᠡᠬᠦ ᠪᠠ ᠬᠢᠨᠠᠨ ᠬᠠᠷᠭᠤᠭᠤᠯᠬᠤ ᠵᠡᠷᠭᠡ ᠪᠠᠷᠢᠮᠵᠢᠶ᠎ᠠ ᠶᠢ ᠦᠨᠳᠦᠰᠦᠯᠡᠨ᠂ | ᠦᠪᠡᠷ ᠦᠪᠡᠷ ᠤᠨ ᠡᠭᠦᠷᠭᠡ ᠬᠠᠷᠢᠭᠤᠴᠠᠯᠭ᠎ᠠ ᠶᠤᠰᠤᠭᠠᠷ᠂ ᠬᠢᠮᠳᠡ ᠳᠦᠷᠢᠶᠡᠰᠦᠨ ᠰᠠᠭᠤᠴᠠ ᠶᠢᠨ ᠨᠦᠬᠦᠪᠦᠷᠢ ᠶᠢ | ᠳᠠᠩᠰᠠᠯᠠᠬᠤ᠂ ᠬᠢᠨᠠᠨ ᠬᠠᠷᠭᠤᠭᠤᠯᠬᠤ᠂ ᠲᠠᠷᠬᠠᠭᠠᠬᠤ᠂ ᠮᠠᠲ᠋ᠧᠷᠢᠶᠠᠯ ᠢ ᠳᠠᠩᠰᠠ ᠡᠪᠬᠡᠮᠡᠯ ᠪᠠᠶᠢᠭᠤᠯᠬᠤ ᠵᠡᠷᠭᠡ ᠡᠯ᠎ᠡ | ᠲᠦᠷᠦᠯ ᠤᠨ ᠠᠵᠢᠯ ᠢ ᠦᠨᠡᠨᠬᠦ ᠰᠠᠶᠢᠲᠤᠷ ᠬᠢᠵᠦ᠂ ᠨᠠᠷᠠᠯᠢᠭ ᠠᠵᠢᠯᠯᠠᠵᠤ ᠠᠷᠢᠭᠤᠨ ᠴᠢᠭᠡᠴᠢ ᠪᠠᠷ ᠭᠦᠢᠴᠡᠳᠬᠡᠨ᠂ ︽ | ᠪᠠᠲᠤᠯᠠᠬᠤ ᠶᠤᠰᠤᠲᠠᠢ ᠶᠢ ᠪᠦᠬᠦᠨ ᠢ ᠪᠠᠲᠤᠯᠠᠬᠤ︾ ᠶᠢ ᠪᠡᠶᠡᠯᠡᠭᠦᠯᠬᠦ ᠬᠡᠷᠡᠭᠲᠡᠢ᠃ | 2024 ᠤᠨ ᠤ 2 ᠰᠠᠷ᠎ᠠ ᠶᠢᠨ 28 ᠤ ᠡᠳᠦᠷ | | ᠬᠠᠮᠢᠶ᠎ᠠ ᠪᠦᠬᠦᠢ ᠲᠠᠶᠢᠯᠤᠮᠵᠢ᠄ ︽2024 ᠤᠨ ᠤ ᠬᠢᠮᠳᠡ ᠳᠦᠷᠢᠶᠡᠰᠦᠨ ᠰᠠᠭᠤᠴᠠ ᠶᠢᠨ ᠨᠦᠬᠦᠪᠦᠷᠢ ᠶᠢ | ᠲᠠᠷᠬᠠᠭᠠᠬᠤ ᠠᠵᠢᠯ ᠢ ᠦᠷᠨᠢᠭᠦᠯᠬᠦ ᠲᠤᠬᠠᠢ ᠮᠡᠳᠡᠭᠳᠡᠯ︾ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ |