ᠬᠤᠩᠱᠠᠨ ᠲᠤᠭᠤᠷᠢᠭ ᠰᠤᠶᠤᠯ ᠤᠨ ᠥᠪ ᠢ ᠡᠷᠡᠮᠡᠯᠵᠡᠬᠦ ᠠᠵᠢᠯ ᠢ ᠰᠠᠶᠢᠲᠤᠷ ᠬᠢᠵᠦ᠂ ᠬᠤᠩᠱᠠᠨ ᠤ ᠰᠤᠶᠤᠯ ᠤᠨ ᠥᠪ ᠢ ᠡᠷᠡᠮᠡᠯᠵᠡᠬᠦ ᠠᠵᠢᠯ ᠤᠨ ᠠᠬᠢᠴᠠ ᠶᠢ ᠶᠡᠬᠡᠪᠡᠷ ᠠᠬᠢᠭᠤᠯᠪᠠ
ᠨᠡᠶᠢᠲᠡᠯᠡᠭᠰᠡᠨ ᠴᠠᠭ᠄
2024/4/22
       ᠬᠤᠩᠱᠠᠨ ᠰᠣᠶᠤᠯ ᠪᠣᠯ ᠮᠠᠨ ᠤ ᠣᠯᠤᠰ ᠤᠨ ᠵᠡᠭᠦᠨ ᠬᠤᠶᠢᠲᠤ ᠪᠠ ᠤᠮᠠᠷᠠᠲᠤ ᠣᠷᠤᠨ ᠤ ᠬᠠᠮᠤᠭ ᠤᠨ ᠨᠡᠷᠡᠲᠡᠢ ᠰᠢᠨ᠎ᠡ ᠴᠢᠯᠠᠭᠤᠨ ᠵᠡᠪᠰᠡᠭ ᠤᠨ ᠥᠶ᠎ᠡ ᠶᠢᠨ ᠬᠠᠭᠤᠴᠢ ᠰᠣᠳᠤᠯᠤᠯ ᠤᠨ ᠰᠤᠶᠤᠯ ᠤᠨ ᠨᠢᠭᠡ ᠪᠣᠯᠤᠨ᠎ᠠ᠂ ᠳᠤᠮᠳᠠᠳᠤ ᠣᠯᠤᠰ ᠤᠨ ᠪᠣᠯᠪᠠᠰᠤᠨ ᠤ ᠡᠬᠢ ᠰᠣᠷᠪᠤᠯᠵᠢ ᠪᠠ ᠡᠷᠲᠡᠨ ᠤ ᠪᠣᠯᠪᠠᠰᠤᠨᠴᠢᠯᠠᠭᠰᠠᠨ ᠬᠥᠭᠵᠢᠯᠲᠡ ᠶᠢᠨ ᠠᠬᠢᠴᠠ ᠳᠤ ᠴᠢᠬᠤᠯᠠ ᠪᠠᠶᠢᠷᠢ ᠰᠠᠭᠤᠷᠢ ᠶᠢ ᠡᠵᠡᠯᠡᠵᠦ ᠪᠤᠢ᠃ 2012 ᠤᠨ ᠳᠤ ᠬᠤᠩᠱᠠᠨ ᠲᠣᠭᠤᠷᠢᠭ ᠬᠤᠩᠱᠠᠨ ᠰᠤᠶᠤᠯ ᠤᠨ ᠪᠠᠭᠤᠷᠢ ᠶᠢ ᠳᠡᠯᠡᠬᠡᠢ ᠶᠢᠨ ᠰᠤᠶᠤᠯ ᠤᠨ ᠦᠯᠡᠳᠡᠭᠳᠡᠯ ᠳᠤ ᠡᠷᠡᠮᠡᠯᠵᠡᠬᠦ ᠠᠵᠢᠯ ᠢ ᠵᠢᠩᠬᠢᠨᠢ ᠪᠠᠷ ᠡᠬᠢᠯᠡᠭᠦᠯᠵᠦ᠂  ᠠᠷᠪᠠ ᠭᠠᠷᠤᠢ ᠵᠢᠯ ᠲᠠᠰᠤᠷᠠᠯᠲᠠ ᠦᠭᠡᠢ ᠠᠬᠢᠭᠤᠯᠬᠤ ᠪᠠᠷ ᠳᠠᠮᠵᠢᠨ ᠢᠳᠡᠪᠬᠢᠲᠡᠢ ᠠᠮᠵᠢᠯᠲᠠ ᠣᠯᠪᠠ        ᠨᠢᠭᠡ ᠳᠤ ᠡᠷᠡᠮᠡᠯᠵᠡᠬᠦ ᠠᠵᠢᠯ ᠢ ᠲᠤᠰᠬᠠᠶᠢᠵᠢᠭᠤᠯᠤᠨ ᠠᠬᠢᠭᠤᠯᠪᠠ᠃ ︽ᠬᠤᠩᠱᠠᠨ ᠰᠤᠶᠤᠯ ᠤᠨ ᠦᠯᠡᠳᠡᠭᠳᠡᠯ ᠢ ᠳᠡᠯᠡᠬᠡᠢ ᠶᠢᠨ ᠰᠤᠶᠤᠯ ᠤᠨ ᠥᠪ ᠳᠤ ᠡᠷᠡᠮᠡᠯᠵᠡᠬᠦ ᠠᠵᠢᠯ ᠤᠨ ᠤᠳᠤᠷᠢᠳᠬᠤ ᠳᠤᠭᠤᠶᠢᠯᠠᠩ︾ ᠪᠠᠶᠢᠭᠤᠯᠵᠤ᠂  ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ ᠬᠠᠮᠲᠤᠪᠡᠷ ᠣᠷᠤᠯᠴᠠᠵᠤ᠂ ᠳᠡᠭᠡᠭᠰᠢ ᠳᠤᠷᠤᠭᠰᠢ ᠨᠡᠪᠲᠡᠷᠡᠯᠴᠡᠨ᠂ ᠵᠡᠭᠦᠨᠰᠢ ᠪᠠᠷᠠᠭᠤᠨᠰᠢ ᠬᠤᠯᠪᠤᠭᠠᠯᠠᠬᠤ ᠠᠵᠢᠯ ᠤᠨ ᠬᠠᠮᠵᠢᠯᠴᠠᠭ᠎ᠠ ᠶᠢ ᠪᠦᠷᠢᠯᠳᠦᠭᠦᠯᠦᠨ᠂ ᠬᠤᠩᠱᠠᠨ ᠰᠤᠶᠤᠯ  ᠤᠨ ᠦᠯᠡᠳᠡᠭᠳᠡᠯ ᠢ ᠡᠷᠡᠮᠡᠯᠵᠡᠬᠦ ᠠᠵᠢᠯ ᠢ ᠵᠤᠬᠢᠴᠠᠭᠤᠯᠤᠨ ᠠᠬᠢᠭᠤᠯᠪᠠ᠃        ᠬᠤᠶᠠᠷ ᠲᠤ ᠦᠯᠡᠳᠡᠭᠳᠡᠯ ᠢ ᠢᠯᠡᠷᠡᠭᠦᠯᠬᠦ ᠪᠠ ᠬᠠᠮᠠᠭᠠᠯᠠᠬᠤ ᠶᠢ ᠴᠢᠩᠭᠠᠳᠬᠠᠪᠠ᠃ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠤᠰᠬᠠᠢ ᠪᠡᠯᠡ ᠮᠦᠩᠭᠦ ᠶᠢ ᠢᠳᠡᠪᠬᠢᠲᠡᠢ ᠡᠷᠡᠮᠡᠯᠵᠡᠬᠦ ᠶᠢᠨ ᠬᠠᠮᠲᠤ ᠲᠤᠰ ᠱᠠᠲᠤᠨ ᠤ ᠵᠠᠷᠤᠳᠠᠯ ᠤᠨ ᠣᠷᠤᠭᠤᠯᠤᠯᠲᠠ ᠪᠠᠨ ᠨᠡᠮᠡᠭᠳᠡᠭᠦᠯᠵᠦ᠂  ᠬᠤᠩᠱᠠᠨ ᠰᠤᠶᠤᠯ ᠤᠨ ᠬᠠᠭᠤᠴᠢ ᠰᠤᠳᠤᠯᠬᠤ᠂ ᠢᠯᠡᠷᠡᠭᠦᠯᠬᠦ ᠪᠠ ᠬᠠᠮᠠᠭᠠᠯᠠᠬᠤ᠂ ᠳᠡᠯᠭᠡᠨ ᠦᠵᠡᠭᠦᠯᠬᠦ ᠵᠡᠷᠭᠡ ᠠᠵᠢᠯ ᠢ ᠰᠠᠶᠢᠲᠤᠷ ᠬᠢᠪᠡ᠃ ᠤᠳᠤᠬᠠᠨ ᠪᠣᠯᠲᠠᠯ᠎ᠠ ᠲᠤᠭᠤᠷᠢᠭ ᠤᠨ ᠲᠤᠰ ᠱᠠᠲᠤᠨ ᠤ ᠪᠡᠯᠡ ᠣᠷᠤᠭᠤᠯᠤᠯᠲᠠ ᠨᠡᠶᠢᠲᠡ5700 ᠭᠠᠷᠤᠢ ᠲᠥᠮᠡᠨ ᠲᠥᠭᠦᠷᠢᠭ᠂ ᠳᠡᠭᠡᠷ᠎ᠡ ᠱᠠᠲᠤᠨ ᠤ ᠪᠡᠯᠡ ᠮᠦᠩᠭᠦ 4000 ᠭᠠᠷᠤᠢ ᠲᠥᠮᠡᠨ ᠲᠥᠭᠦᠷᠢᠭ ᠣᠯᠵᠤ᠂  ᠬᠤᠩᠱᠠᠨ ᠰᠤᠶᠤᠯ ᠤᠨ ᠮᠦᠽᠸᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠸᠧᠢ ᠵᠢᠶᠠ ᠸᠥ᠋ ᠫᠥ᠋ ᠶᠢᠨ ᠦᠯᠡᠳᠡᠭᠳᠡᠯ ᠤᠨ ᠲᠥᠷ ᠴᠠᠭ ᠤᠨ ᠦᠵᠡᠭᠦᠯᠭᠡ ᠶᠢᠨ ᠲᠢᠩᠬᠢᠮ ᠪᠠ ᠵᠠᠮ ᠱᠣᠭᠤᠮ ᠤᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂  ᠬᠤᠩᠱᠠᠨ ᠰᠤᠶᠤᠯ ᠤᠨ ᠦᠯᠡᠳᠡᠭᠳᠡᠯ ᠤᠨ ᠪᠦᠷᠢᠨ ᠪᠥᠲᠦᠨ ᠴᠢᠨᠠᠷ ᠪᠠ ᠦᠨᠡᠨ ᠪᠤᠳᠠᠲᠤ ᠴᠢᠨᠠᠷ ᠢ ᠪᠦᠲᠦᠮᠵᠢᠲᠡᠢ ᠬᠠᠮᠠᠭᠠᠯᠠᠪᠠ᠃        ᠭᠤᠷᠪᠠ ᠳᠤ ᠥᠷᠭᠡᠨ ᠢᠶᠠᠷ ᠤᠬᠠᠭᠤᠯᠤᠨ ᠲᠠᠨᠢᠯᠴᠠᠭᠤᠯᠪᠠ᠃ ︽5.18 ᠤᠯᠠᠨ ᠤᠯᠤᠰ ᠤᠨ ᠮᠦᠽᠸᠢ ᠶᠢᠨ ᠡᠳᠦᠷ︾ ︽ᠳᠤᠮᠳᠠᠳᠤ ᠶᠢᠨ ᠰᠤᠶᠤᠯ ᠪᠣᠯᠤᠨ ᠪᠠᠶᠢᠭᠠᠯᠢ ᠶᠢᠨ ᠦᠯᠡᠳᠡᠭᠳᠡᠯ ᠤᠨ ᠡᠳᠦᠷ︾ ᠵᠡᠷᠭᠡ ᠴᠢᠬᠤᠯᠠ ᠡᠳᠦᠷ ᠢ ᠭᠦᠢᠴᠡᠳ ᠠᠰᠢᠭᠯᠠᠨ ᠰᠢᠷᠢᠰ ᠤᠬᠠᠭᠤᠯᠭ᠎ᠠ ᠶᠢᠨ ᠠᠵᠢᠯᠯᠠᠭᠠᠨ ᠦᠷᠨᠢᠭᠦᠯᠵᠦ᠂  ᠬᠤᠩᠱᠠᠨ ᠰᠤᠶᠤᠯ ᠤᠨ ᠦᠯᠡᠳᠡᠭᠳᠡᠯ ᠢ ᠡᠷᠡᠮᠡᠯᠵᠡᠬᠦ ᠭᠥᠨ ᠭᠥᠨᠵᠡᠭᠡᠢ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃ ᠡᠭᠦᠨ ᠤ ᠬᠠᠮᠲᠤ ᠬᠤᠩᠱᠠᠨ ᠰᠤᠶᠤᠯ ᠤᠨ ᠮᠦᠽᠸᠢ ᠨᠢᠭᠡᠨᠲᠡ ︽ᠳᠤᠮᠳᠠᠳᠤ ᠶᠢᠨ ᠪᠣᠯᠪᠠᠰᠤᠨ ᠤ ᠪᠡᠯᠭᠡ ᠲᠡᠮᠳᠡᠭ︾ ᠪᠣᠯᠬᠤᠶᠢᠴᠠ ᠵᠢᠷᠤᠭᠯᠠᠨ ᠰᠡᠭᠦᠳᠡᠷᠯᠡᠬᠦ ᠭᠠᠵᠠᠷ ᠪᠣᠯᠵᠤ᠂ ᠮᠦᠽᠸᠢ ᠶᠢᠨ ᠣᠷᠳᠤᠨ ᠪᠠ ᠲᠥᠪ ᠲᠧᠯᠸᠢᠰ ᠤᠨ ᠶᠡᠷᠦᠩᠬᠡᠢ ᠰᠣᠪᠠᠭ ᠬᠠᠮᠲᠤᠪᠡᠷ ᠪᠦᠬᠦ ᠤᠯᠤᠰ ᠤᠨ ᠦᠵᠡᠭᠴᠢᠳ ᠲᠤ ᠳᠤᠮᠳᠠᠳᠤ ᠶᠢᠨ ᠪᠤᠯᠪᠠᠰᠤᠨ ᠤ ᠭᠠᠶᠢᠬᠠᠮᠰᠢᠭ ᠪᠠ ᠬᠤᠩᠱᠠᠨ ᠤ ᠦᠯᠢᠭᠡᠷ ᠢ ᠳᠡᠯᠭᠡᠨ ᠦᠵᠡᠭᠦᠯᠬᠦ ᠪᠣᠯᠤᠨ᠎ᠠ᠃        ᠳᠥᠷᠪᠡ ᠳᠤ ᠡᠷᠳᠡᠮ ᠰᠢᠨᠵᠢᠯᠡᠭᠡᠨ ᠤ ᠰᠤᠳᠤᠯᠭᠠᠨ ᠢ ᠦᠷᠭᠦᠯᠵᠢᠯᠡᠨ ᠦᠷᠨᠢᠭᠦᠯᠪᠡ᠃ 2022 ᠤᠨ ᠳᠤ ᠠᠩᠬᠠᠳᠤᠭᠠᠷ ᠬᠤᠭᠤᠴᠠᠭᠠᠨ ᠤ ︽ᠬᠤᠩᠱᠠᠨ ᠰᠤᠶᠤᠯ ᠤᠨ ᠳᠡᠭᠡᠳᠦ ᠴᠢᠨᠳᠠᠭᠠᠨ ᠤ ᠦᠭᠦᠯᠡᠯ ᠤᠨ ᠲᠠᠪᠴᠠᠩ︾ ᠢ ᠠᠮᠵᠢᠯᠲᠠᠲᠠᠢ ᠡᠷᠬᠢᠯᠡᠵᠦ᠂ ᠬᠤᠩᠱᠠᠨ ᠰᠤᠶᠤᠯ ᠢ ᠬᠠᠮᠠᠭᠠᠯᠠᠬᠤ ᠪᠠ ᠰᠤᠳᠤᠯᠬᠤ ᠶᠢ ᠲᠥᠪᠯᠡᠷᠡᠭᠦᠯᠦᠨ᠂ ᠬᠤᠩᠱᠠᠨ ᠰᠤᠶᠤᠯ ᠤᠨ ᠥᠪ ᠢ ᠡᠷᠡᠮᠡᠯᠵᠡᠬᠦ ᠵᠢᠴᠢ ᠰᠤᠶᠤᠯ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠦᠭᠵᠢᠭᠦᠯᠬᠦ ᠶᠢ ᠭᠦᠨᠵᠡᠭᠡᠢ ᠠᠬᠢᠭᠤᠯᠵᠤ᠂ ᠬᠤᠩᠱᠠᠨ ᠰᠤᠶᠤᠯ ᠤᠨ ᠤᠯᠤᠰ ᠤᠨ ᠲᠤᠲᠤᠭᠠᠲᠤ ᠭᠠᠳᠠᠭᠠᠲᠤ ᠳᠠᠬᠢ ᠨᠦᠯᠦᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠤᠩᠱᠠᠨ ᠰᠤᠶᠤᠯ ᠢᠶᠠᠷ ᠨᠡᠷᠡᠶᠢᠳᠦᠭᠳᠡᠭᠰᠡᠨ 70 ᠵᠢᠯ ᠤᠨ ᠤᠢ ᠶᠢᠨ ᠲᠠᠰᠢᠷᠠᠮ ᠢᠶᠠᠷ 7 ᠰᠠᠷ᠎ᠠ ᠶᠢᠨ 15 ᠠᠴᠠ 16  ᠤ ᠡᠳᠦᠷ ᠪᠤᠯᠲᠠᠯ᠎ᠠ ︽ᠬᠤᠩᠱᠠᠨ ᠰᠤᠶᠤᠯ ᠢᠶᠠᠷ ᠨᠡᠷᠡᠶᠢᠳᠦᠭᠳᠡᠭᠰᠡᠨ 70 ᠵᠢᠯ ᠤᠨ ᠤᠢ ᠶᠢᠨ ᠰᠤᠳᠤᠯᠤᠨ ᠶᠠᠷᠢᠯᠴᠠᠬᠤ ᠬᠤᠷᠠᠯ︾  ᠡᠷᠬᠢᠯᠡᠬᠦ ᠪᠠᠷ ᠲᠥᠯᠦᠪᠯᠡᠵᠦ᠂  ᠲᠤᠬᠠᠢ ᠶᠢᠨ ᠥᠶ᠎ᠡ ᠳᠤ 50 ᠭᠠᠷᠤᠢ ᠨᠡᠷᠡᠲᠦ ᠲᠤᠰᠬᠠᠢ ᠮᠡᠷᠭᠡᠵᠢᠯᠲᠡᠨ ᠪᠠ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠤᠪᠴᠢᠶ᠎ᠠ᠂ ᠦᠪᠡᠷᠲᠡᠭᠡᠨ ᠵᠠᠰᠠᠬᠤ ᠣᠷᠤᠨ᠂ ᠰᠤᠶᠤᠯ ᠵᠢᠭᠤᠯᠴᠢᠯᠠᠯ ᠤᠨ ᠲᠢᠩᠬᠢᠮ᠂ ᠲᠡᠦᠬᠡ ᠶᠢᠨ ᠳᠤᠷᠠᠰᠬᠠᠯᠲᠤ ᠵᠦᠢᠯ ᠤᠨ ᠲᠤᠪᠴᠢᠶ᠎ᠠ ᠶᠢᠨ ᠬᠠᠮᠢᠶ᠎ᠠ ᠪᠦᠬᠦᠢ ᠬᠦᠮᠦᠰ ᠢ ᠤᠷᠢᠨ ᠤᠷᠤᠯᠴᠠᠭᠤᠯᠵᠤ᠂ ᠬᠤᠩᠱᠠᠨ ᠰᠤᠶᠤᠯ ᠤᠨ ᠠᠯᠳᠠᠷᠰᠢᠯ ᠤᠨ ᠬᠡᠮᠵᠢᠶ᠎ᠡ ᠪᠠ ᠨᠦᠯᠦᠭᠡᠯᠡᠬᠦ ᠬᠦᠴᠦᠨ ᠢ ᠦᠨᠡᠨᠬᠦ ᠳᠡᠭᠡᠭᠰᠢᠯᠡᠭᠦᠯᠵᠦ᠂ ᠦᠯᠡᠳᠡᠭᠳᠡᠯ ᠢ ᠡᠷᠡᠮᠡᠯᠵᠡᠬᠦ ᠠᠵᠢᠯ ᠳᠤ ᠯᠠᠪᠳᠠᠭᠤᠨ ᠪᠠᠲᠤᠲᠠᠢ ᠰᠠᠭᠤᠷᠢ ᠶᠢ ᠲᠠᠯᠪᠢᠬᠤ ᠨᠢ ᠯᠠᠪᠲᠠᠢ
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号