ᠬᠤᠩᠱᠠᠨ ᠲᠣᠭᠤᠷᠢᠭ ᠦᠵᠡᠮᠦᠷᠢ ᠶᠢᠨ ᠴᠡᠴᠡᠭ ᠤᠨ ᠵᠠᠬ᠎ᠠ ᠳᠡᠯᠭᠡᠭᠦᠷ ᠢᠶᠠᠷ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠳᠤ ᠨᠡᠮᠡᠭᠦᠷᠢ ᠦᠵᠡᠭᠦᠯᠵᠦ ᠪᠤᠢ
ᠨᠡᠶᠢᠲᠡᠯᠡᠭᠰᠡᠨ ᠴᠠᠭ᠄
2024/4/28
       ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠦᠭᠵᠢᠭᠦᠯᠬᠦ ᠶᠢᠨ ᠲᠥᠯᠦᠭᠡ᠂ ᠬᠤᠩᠱᠠᠨ ᠲᠣᠭᠤᠷᠢᠭ ᠣᠷᠤᠨ ᠪᠠᠶᠢᠷᠢ ᠶᠢᠨ ᠳᠠᠪᠠᠭᠤᠯᠢᠭ ᠠᠴᠠ ᠡᠭᠦᠰᠦᠨ᠂ ᠬᠤᠩᠱᠠᠨ ᠦᠵᠡᠮᠦᠷᠢ ᠶᠢᠨ ᠴᠡᠴᠡᠭ ᠤᠨ ᠵᠠᠬ᠎ᠠ ᠳᠡᠯᠭᠡᠭᠦᠷ ᠢ ᠪᠠᠶᠢᠭᠤᠯᠵᠤ᠂  ᠠᠮᠢ ᠠᠬᠤᠢ ᠶᠢᠨ ︽ᠦᠩᠭᠡ ᠵᠢᠰᠦ︾ ᠠᠴᠠ ᠠᠵᠤ ᠠᠬᠤᠢ ᠶᠢᠨ ︽ᠥᠷᠲᠡᠭ︾ ᠪᠣᠯᠭᠠᠵᠤ᠂  ᠦᠵᠡᠮᠦᠷᠢ ᠶᠢᠨ ᠴᠡᠴᠡᠭ ᠤᠨ ᠠᠵᠤ ᠠᠬᠤᠢ ᠨᠢ ᠬᠥᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠳᠤ ᠬᠤᠪᠢ ᠨᠡᠮᠡᠷᠢ ᠦᠵᠡᠭᠦᠯᠬᠦ ᠶᠢ ᠠᠬᠢᠭᠤᠯᠪᠠ᠃ ᠤᠳᠤᠬᠠᠨ ᠪᠣᠯᠲᠠᠯ᠎ᠠ 106 ᠠᠷᠠᠯᠵᠢᠶᠠᠨ ᠤ ᠡᠷᠦᠬᠡ ᠣᠷᠤᠵᠤ ᠰᠠᠭᠤᠷᠢᠰᠢᠨ᠂ ᠵᠢᠯ ᠤᠨ ᠬᠦᠯᠢᠶᠡᠨ ᠵᠤᠴᠢᠯᠠᠭᠰᠠᠳ 50 ᠭᠠᠷᠤᠢ ᠲᠥᠮᠡᠨ ᠬᠦᠮᠦᠨ ᠤᠳᠠᠭ᠎ᠠ ᠳᠤ ᠬᠦᠷᠴᠦ᠂ ᠵᠢᠯ ᠤᠨ ᠭᠦᠢᠴᠡᠳᠬᠡᠭᠰᠡᠨ ᠪᠤᠷᠤᠯᠠᠭᠤᠯᠭ᠎ᠠ ᠶᠢᠨ ᠲᠤᠭ᠎ᠠ 1.4  ᠳ᠋ᠦᠩᠰᠢᠭᠤᠷ ᠲᠦᠭᠦᠷᠢᠭ ᠬᠦᠷᠴᠦ᠂ 400 ᠭᠠᠷᠤᠢ ᠬᠦᠮᠦᠨ ᠤ ᠠᠵᠢᠯ ᠣᠯᠭᠤᠯᠲᠠ ᠶᠢ ᠳᠠᠶᠢᠴᠢᠯᠠᠨ ᠳᠠᠭᠠᠭᠤᠯᠪᠠ᠃        ᠨᠢᠭᠡ᠂ ᠦᠪᠦᠷ ᠮᠤᠩᠭᠤᠯ ᠤᠨ ᠵᠡᠬᠦᠨ ᠬᠡᠰᠡᠭ᠂ ᠡᠾᠧᠪᠸᠢ ᠶᠢᠨ ᠬᠤᠶᠢᠲᠤ ᠬᠡᠰᠡᠭ᠂ ᠯᠢᠶᠤᠤᠨᠢᠩ ᠤᠨ ᠪᠠᠷᠠᠭᠤᠨ ᠬᠡᠰᠡᠭ ᠤᠨ ᠦᠵᠡᠮᠦᠷᠢ ᠶᠢᠨ ᠴᠡᠴᠡᠭ ᠤᠨ ᠠᠵᠤ ᠦᠢᠯᠡᠰ ᠤᠨ ᠲᠦᠪᠯᠡᠷᠡᠭᠦᠯᠦᠨ ᠲᠠᠷᠬᠠᠭᠠᠬᠤ ᠰᠠᠭᠤᠷᠢᠨ ᠢ ᠪᠠᠶᠢᠭᠤᠯᠪᠠ᠃  ᠲᠥᠯᠦᠪᠵᠢᠭᠦᠯᠭᠡ ᠶᠢᠨ ᠭᠠᠵᠠᠷ 80 ᠮᠦ᠂  ᠦᠵᠡᠮᠦᠷᠢ ᠶᠢᠨ ᠴᠡᠴᠡᠭ ᠢ ᠪᠦᠭᠡᠮ ᠢᠶᠠᠷ ᠪᠣᠷᠤᠯᠠᠭᠤᠯᠬᠤ᠂ ᠬᠡᠰᠡᠭᠯᠡᠨ ᠪᠣᠷᠤᠯᠠᠭᠤᠯᠬᠤ᠂ ᠤᠰᠤᠨ ᠤ ᠠᠮᠢᠲᠠᠨ᠂ ᠭᠡᠷ ᠤᠨ ᠵᠠᠰᠠᠯ ᠵᠢᠮᠰᠡᠭ᠂ ᠢᠵᠢ ᠪᠦᠷᠢᠳᠦᠭᠰᠡᠨ ᠦᠵᠡᠮᠦᠷᠢ ᠶᠢᠨ ᠴᠡᠴᠡᠭ ᠤᠨ ᠴᠢᠳᠠᠮᠵᠢ ᠶᠢᠨ ᠣᠷᠤᠨ᠂  ᠦᠰᠦᠭ ᠵᠢᠷᠤᠭ ᠦᠵᠡᠮᠦᠷᠢ ᠶᠢᠨ ᠣᠷᠭᠤᠮᠠᠯ ᠤᠨ ᠵᠠᠬ᠎ᠠ᠂ ᠰᠤᠳᠤᠯᠭᠠᠨ ᠰᠤᠷᠭᠠᠨ ᠬᠥᠮᠦᠵᠢᠯ᠂ ᠭᠡᠷ ᠤᠨ ᠲᠡᠵᠢᠭᠡᠪᠦᠷᠢ ᠶᠢᠨ ᠬᠦᠷᠢᠶᠡᠯᠡᠩ᠂ ᠭᠠᠷ ᠤᠷᠠᠯᠠᠯ ᠤᠨ ᠪᠦᠲᠦᠭᠡᠭᠳᠡᠭᠦᠨ᠂ ᠬᠡᠦᠬᠡᠳ ᠤᠨ ᠴᠡᠩᠭᠡᠯ ᠤᠨ ᠣᠷᠳᠣᠨ᠂ ᠦᠵᠡᠮᠦᠷᠢ ᠶᠢᠨ ᠣᠷᠭᠤᠮᠠᠯ ᠤᠨ ᠡᠳ᠋ ᠮᠠᠲ᠋ᠧᠷᠢᠶᠠᠯ᠂ ᠰᠦᠯᠵᠢᠶᠡᠨ ᠳᠤ ᠪᠣᠷᠤᠯᠠᠭᠤᠯᠬᠤ᠂  ᠪᠠᠷᠠᠭᠠᠨ ᠭᠦᠢᠯᠭᠡᠭᠡ ᠲᠤᠬᠢᠷᠠᠭᠤᠯᠤᠨ ᠬᠦᠷᠭᠡᠬᠦ ᠵᠡᠷᠭᠡ ᠠᠵᠤ ᠦᠢᠯᠡᠰ ᠤᠨ ᠲᠥᠯᠦᠪ ᠢ ᠪᠠᠶᠢᠭᠤᠯᠵᠤ ᠂  ᠡᠮᠦᠨ᠎ᠡ᠂ ᠤᠮᠠᠷᠠᠲᠤ ᠣᠷᠤᠨ ᠤ ᠤᠨᠴᠠᠯᠢᠭᠲᠤ ᠦᠵᠡᠮᠦᠷᠢ ᠶᠢᠨ ᠴᠡᠴᠡᠭ ᠢ ᠣᠷᠤᠭᠤᠯᠵᠤ᠂  ᠪᠦᠬᠦ ᠬᠤᠲᠠ᠂ ᠡᠾᠧᠪᠸᠢ᠂ ᠲᠥᠩᠯᠢᠶᠤᠤ᠂  ᠰᠢᠯᠢ ᠶᠢᠨ ᠭᠤᠣᠯ ᠠᠶᠢᠮᠠᠭ ᠵᠡᠷᠭᠡ ᠭᠠᠵᠠᠷ ᠣᠷᠤᠨ ᠤ ᠦᠵᠡᠮᠦᠷᠢ ᠶᠢᠨ ᠴᠡᠴᠡᠭ ᠤᠨ ᠪᠣᠷᠤᠯᠠᠭᠤᠯᠭ᠎ᠠ ᠶᠢᠨ ᠲᠣᠣᠷᠵᠢᠯ ᠢ ᠪᠦᠷᠢᠯᠳᠦᠭᠦᠯᠪᠡ᠃        ᠬᠤᠶᠠᠷ᠂ ᠰᠤᠳᠤᠯᠭᠠᠨ᠂ ᠰᠢᠨᠵᠢᠯᠡᠬᠦ ᠤᠠᠬᠭᠠᠨ ᠢ ᠲᠥᠭᠡᠮᠡᠯᠵᠢᠭᠦᠯᠬᠦ ᠰᠤᠷᠭᠠᠨ ᠬᠦᠮᠦᠵᠢᠯ ᠤᠨ ᠰᠠᠭᠤᠷᠢᠨ ᠢ ᠪᠠᠶᠢᠭᠤᠯᠪᠠ᠃ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠦᠳᠡᠯᠮᠦᠷᠢ ᠪᠠ ᠨᠡᠶᠢᠭᠡᠮ ᠤᠨ ᠦᠢᠯᠡᠳᠦᠯᠭᠡ ᠶᠢᠨ ᠬᠦᠮᠦᠵᠢᠯ ᠤᠨ ᠰᠠᠭᠤᠷᠢᠨ︾᠂  ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ ᠬᠦᠮᠦᠵᠢᠯ ᠤᠨ ᠰᠠᠭᠤᠷᠢᠨ︾ ᠢ ᠪᠠᠶᠢᠭᠤᠯᠵᠤ᠂  ᠰᠤᠳᠤᠯᠭᠠᠨ᠂ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ ᠦᠢᠯᠡᠳᠦᠯᠭᠡ ᠶᠢᠨ ᠠᠵᠢᠯᠯᠠᠭᠠᠨ ᠦᠷᠨᠢᠭᠦᠯᠵᠦ᠂ 10514 ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢ ᠬᠦᠯᠢᠶᠡᠨ ᠵᠣᠴᠢᠯᠠᠪᠠ᠃        ᠭᠤᠷᠪᠠ᠂ ᠭᠤᠷᠪᠠᠨ ᠠᠵᠤ ᠦᠢᠯᠡᠰ ᠠᠭᠤᠰᠤᠯᠴᠠᠨ ᠬᠦᠭᠵᠢᠬᠦ ᠵᠢᠱᠢᠶ᠎ᠡ ᠦᠵᠡᠭᠦᠯᠬᠦ ᠬᠦᠷᠢᠶᠡᠯᠡᠩ ᠢ ᠬᠦᠴᠦᠯᠡᠨ ᠪᠠᠶᠢᠭᠤᠯᠪᠠ᠃ ᠦᠵᠡᠮᠦᠷᠢ ᠶᠢᠨ ᠴᠡᠴᠡᠭ ᠤᠨ ᠵᠠᠬ᠎ᠠ ᠪᠠᠷ ᠭᠤᠣᠯ ᠪᠣᠯᠭᠠᠨ᠂ ᠰᠢᠯᠢᠳᠡᠭ ᠰᠤᠩᠭᠤᠳᠠᠭ ᠦᠵᠡᠮᠦᠷᠢ ᠶᠢᠨ ᠴᠡᠴᠡᠭ᠂ ᠰᠤᠶᠤᠯ ᠤᠷᠠᠯᠢᠭ᠂ ᠰᠤᠳᠤᠯᠭᠠᠨ ᠰᠤᠷᠭᠠᠨ ᠬᠦᠮᠦᠵᠢᠯ᠂ ᠬᠤᠷᠠᠯ ᠦᠵᠡᠭᠦᠯᠭᠡ ᠶᠢᠨ ᠠᠵᠤ ᠠᠬᠤᠢ᠂ ᠭᠤᠸ᠎ᠠ ᠰᠠᠶᠢᠬᠠᠨ ᠤ ᠬᠦᠮᠦᠵᠢᠯ ᠵᠡᠷᠭᠡ ᠠᠵᠤ ᠦᠢᠯᠡᠰ ᠤᠨ ᠲᠥᠯᠦᠪ ᠤᠨ ᠬᠤᠶᠠᠳᠤᠭᠠᠷ ᠬᠤᠭᠤᠴᠠᠭᠠᠨ ᠤ ᠲᠥᠷᠦᠯ ᠵᠦᠢᠯ ᠢ ᠬᠡᠷᠡᠭᠵᠢᠭᠦᠯᠦᠨ᠂ ᠵᠢᠭᠤᠯᠴᠢᠯᠠᠯ ᠤᠨ ᠵᠠᠰᠠᠮᠠᠯ ᠵᠠᠮ ᠪᠠ ᠲᠦᠬᠦᠭᠡᠷᠦᠮᠵᠢ ᠶᠢᠨ ᠲᠠᠷᠢᠶᠠᠯᠠᠩ ᠰᠡᠯᠡᠭᠦᠴᠡᠯ ᠲᠠᠯᠠᠪᠤᠷ ᠢ ᠵᠤᠯᠭᠠᠯᠴᠠᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ᠂ ᠰᠤᠶᠤᠯ ᠰᠡᠯᠡᠭᠦᠴᠡᠯ᠂ ᠰᠤᠳᠤᠯᠭᠠᠨ ᠦᠢᠯᠡᠰ ᠪᠦᠲᠦᠭᠡᠬᠦ᠂ ᠡᠯᠧᠺᠲᠷᠤᠨ ᠬᠤᠳᠠᠯᠳᠤᠭ᠎ᠠ ᠪᠣᠷᠤᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠭᠤᠷᠪᠠᠨ ᠠᠵᠤ ᠦᠢᠯᠡᠰ ᠠᠭᠤᠰᠤᠯᠴᠠᠨ ᠬᠦᠭᠵᠢᠭᠰᠡᠨ ᠵᠢᠱᠢᠶ᠎ᠡ ᠦᠵᠡᠭᠦᠯᠬᠦ ᠬᠦᠷᠢᠶᠡᠯᠡᠩ ᠢ ᠪᠠᠶᠢᠭᠤᠯᠪᠠ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号