ᠬᠤᠩᠱᠠᠨ ᠲᠤᠭᠤᠷᠢᠭ ᠲᠡᠦᠬᠡ ᠶᠢᠨ ᠳᠤᠷᠠᠰᠬᠠᠯᠲᠤ ᠵᠦᠢᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ
ᠨᠡᠶᠢᠲᠡᠯᠡᠭᠰᠡᠨ ᠴᠠᠭ᠄
2024/5/16
         ᠬᠤᠩᠱᠠᠨ ᠲᠣᠭᠤᠷᠢᠭ ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ  ᠤᠨ ᠱᠠᠭᠠᠷᠳᠠᠯᠭ᠎ᠠ ᠵᠢᠴᠢ  ︽ᠬᠤᠩᠱᠠᠨ ᠲᠣᠭᠤᠷᠢᠭ ᠤᠨ ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠡᠷᠡᠭᠵᠢᠭᠦᠯᠬᠦ ᠲᠥᠰᠦᠯ︾ ᠢ ᠰᠠᠶᠢᠲᠤᠷ ᠬᠢᠵᠦ ᠨᠢᠮᠪᠠᠢ ᠲᠤᠭᠤᠰᠢᠯᠠᠭᠤᠯᠬᠤ ᠶᠢᠨ ᠬᠠᠮᠲᠤ 4  ᠰᠠᠷ᠎ᠠ ᠶᠢᠨ 26  ᠤ ᠡᠳᠦᠷ ᠮᠠᠨ ᠤ ᠲᠤᠭᠤᠷᠢᠭ ᠤᠨ ᠳᠦᠷᠪᠡᠳᠦᠭᠡᠷ ᠤᠳᠠᠭᠠᠨ ᠤ  ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠡᠬᠢᠯᠡᠭᠦᠯᠪᠡ᠃ ᠣᠳᠤᠬᠠᠨ ᠪᠣᠯᠲᠠᠯ᠎ᠠ ᠣᠷᠤᠨ ᠬᠡᠪᠴᠢᠶᠡᠨ ᠤ  ᠲᠤᠲᠤᠷᠠᠬᠢ 16  ᠭᠠᠵᠠᠷ ᠤᠨ ᠲᠡᠦᠬᠡ ᠶᠢᠨ ᠦᠯᠡᠳᠡᠭᠳᠡᠯ ᠤᠨ ᠨᠡᠷ᠎ᠡ᠂ ᠪᠠᠶᠢᠷᠢ ᠪᠠᠶᠢᠷᠢᠰᠢᠯ᠂ ᠬᠠᠮᠠᠭᠠᠯᠠᠯᠲᠠ ᠶᠢᠨ ᠳᠡᠰ᠂ ᠲᠡᠦᠬᠡ ᠶᠢᠨ ᠳᠤᠷᠠᠰᠬᠠᠯᠲᠤ ᠵᠦᠢᠯ ᠤᠨ ᠲᠦᠷᠦᠯ ᠠᠩᠭᠢᠯᠠᠯ᠂  ᠣᠨ ᠵᠢᠯ᠂ ᠠᠰᠢᠭᠯᠠᠯᠲᠠ ᠶᠢᠨ ᠪᠠᠶᠢᠳᠠᠯ᠂ ᠬᠠᠮᠠᠭᠠᠯᠠᠯᠲᠠ ᠶᠢᠨ ᠪᠠᠶᠢᠳᠠᠯ ᠵᠡᠷᠭᠡ ᠰᠤᠷᠠᠭ ᠵᠠᠩᠭᠢ ᠶᠢ ᠨᠠᠷᠢᠨ ᠬᠢᠨᠠᠮᠠᠭᠠᠢ ᠴᠤᠭᠯᠠᠭᠤᠯᠵᠤ᠂ ᠬᠠᠷᠭᠤᠭᠤᠯᠤᠨ᠂ ᠰᠡᠭᠦᠳᠡᠷᠯᠡᠵᠦ᠂ ᠵᠢᠷᠤᠭᠴᠢᠯᠠᠬᠤ᠂ ᠬᠡᠮᠵᠢᠬᠦ ᠪᠠ ᠺᠤᠮᠫᠢᠦ᠋ᠲ᠋ᠧᠷ ᠲᠤ ᠣᠷᠤᠭᠤᠯᠪᠠ᠃        ᠳᠠᠷᠠᠭ᠎ᠠ ᠠᠯᠬᠤᠮ ᠳᠤ ᠨᠡᠶᠢᠳᠡᠮ ᠪᠠᠶᠢᠴᠠᠭᠠᠯᠲᠠ ᠶᠢᠨ ᠠᠩᠭᠢ ᠦᠷᠭᠦᠯᠵᠢᠯᠡᠨ ᠭᠦᠨᠵᠡᠭᠡᠶᠢᠷᠡᠨ᠂ ᠨᠡᠶᠢᠳᠡᠮ ᠪᠠᠶᠢᠴᠠᠭᠠᠯᠲᠠ ᠶᠢᠨ ᠰᠠᠭᠤᠷᠢ ᠠᠵᠢᠯ ᠢ ᠰᠠᠶᠢᠲᠤᠷ ᠬᠢᠵᠦ᠂  ᠨᠡᠶᠢᠳᠡᠮ ᠪᠠᠶᠢᠴᠠᠭᠠᠯᠲᠠ ᠶᠢᠨ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤ ᠨᠢ ᠬᠠᠷᠢᠭᠤ ᠲᠤᠰᠬᠠᠵᠤ ᠴᠡᠭᠴᠡᠯᠡᠨ᠂ ᠠᠵᠢᠯ ᠤᠨ ᠣᠷᠤᠭᠰᠢᠲᠠᠢ ᠶᠠᠪᠤᠭᠳᠠᠬᠤ ᠶᠢ ᠪᠠᠲᠤᠯᠠᠬᠤ ᠪᠣᠯᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号