ᠬᠤᠩᠱᠠᠨ ᠲᠤᠭᠤᠷᠢᠭ ᠤᠯᠠᠭᠠᠨᠬᠠᠳᠠ ᠶᠢᠨ ᠣᠯᠠᠨ ᠤᠯᠤᠰ ᠤᠨ ᠲᠦᠷᠭᠡᠨ ᠬᠦᠷᠭᠡᠯᠲᠡ ᠶᠢᠨ ᠬᠢᠨᠠᠨ ᠬᠠᠮᠢᠶᠠᠷᠤᠯᠲᠠ ᠶᠢᠨ ᠲᠥᠪ ᠢ ᠠᠵᠢᠯᠯᠠᠭᠤᠯᠤᠨ ᠴᠢᠨᠰᠠᠭ᠎ᠠ ᠶᠢ ᠳᠡᠭᠡᠭᠰᠢᠯᠡᠭᠦᠯᠵᠦ ᠪᠦᠲᠦᠮᠵᠢ ᠶᠢ ᠨᠡᠮᠡᠭᠳᠡᠭᠦᠯᠬᠦ ᠶᠢ ᠲᠠᠰᠤᠷᠠᠯᠲᠠ ᠦᠭᠡᠢ ᠠᠬᠢᠭᠤᠯᠪᠠ
ᠨᠡᠶᠢᠲᠡᠯᠡᠭᠰᠡᠨ ᠴᠠᠭ᠄
2024/6/24
       ᠬᠤᠩᠱᠠᠨ ᠲᠣᠭᠤᠷᠢᠭ ᠬᠦᠭᠵᠢᠯᠲᠡ ᠪᠠ ᠠᠶᠦᠯᠭᠦᠢ ᠶᠢ ᠵᠡᠷᠭᠡᠪᠡᠷ ᠴᠢᠬᠤᠯᠠᠴᠢᠯᠠᠬᠤ᠂ ᠬᠢᠨᠠᠨ ᠬᠠᠮᠢᠶᠠᠷᠤᠯᠲᠠ ᠪᠠ ᠦᠢᠯᠡᠴᠢᠯᠡᠭᠡ ᠶᠢ ᠵᠡᠷᠭᠡᠪᠡᠷ ᠴᠢᠬᠤᠯᠠᠴᠢᠯᠠᠬᠤ ᠶᠢ ᠡᠷᠡᠰ ᠪᠠᠷᠢᠮᠲᠠᠯᠠᠵᠤ᠂  ᠣᠯᠠᠨ ᠤᠯᠤᠰ ᠤᠨ ᠲᠦᠷᠭᠡᠨ ᠬᠦᠷᠭᠡᠯᠲᠡ ᠶᠢᠨ ᠠᠵᠢᠯ ᠶᠠᠪᠤᠳᠠᠯ ᠢ ᠠᠶᠦᠯᠭᠦᠢ ᠲᠤᠭᠲᠠᠭᠤᠨ ᠠᠵᠢᠯᠯᠠᠭᠤᠯᠬᠤ ᠶᠢ ᠪᠠᠲᠤᠯᠠᠨ᠂  ᠤᠯᠠᠭᠠᠨᠬᠠᠳᠠ ᠶᠢᠨ ᠣᠯᠠᠨ ᠤᠯᠤᠰ ᠤᠨ ᠲᠦᠷᠭᠡᠨ ᠬᠦᠷᠭᠡᠯᠲᠡ ᠶᠢᠨ ᠬᠢᠨᠠᠨ ᠬᠠᠮᠢᠶᠠᠷᠤᠯᠲᠠ ᠶᠢᠨ ᠲᠥᠪ ᠢ ᠠᠵᠢᠯᠯᠠᠭᠤᠯᠤᠨ ᠴᠢᠨᠰᠠᠭ᠎ᠠ ᠶᠢ ᠳᠡᠭᠡᠭᠰᠢᠯᠡᠭᠦᠯᠵᠦ ᠪᠦᠲᠦᠮᠵᠢ ᠶᠢ ᠨᠡᠮᠡᠭᠳᠡᠭᠦᠯᠬᠦ ᠳᠤ ᠬᠦᠴᠦᠨ ᠵᠢᠳᠬᠦᠯ ᠦᠵᠡᠭᠦᠯᠪᠡ᠃        ᠨᠢᠭᠡ ᠳᠤ ᠠᠵᠢᠯᠯᠠᠭᠠᠨ ᠤ ᠵᠦᠭᠯᠡᠭᠦᠷ ᠢ ᠰᠢᠯᠤᠭᠤᠳᠬᠠᠪᠠ᠃ ᠬᠢᠯᠢ ᠶᠢᠨ ᠪᠤᠭᠤᠮᠲᠠ ᠶᠢᠨ ᠰᠠᠯᠠᠭ᠎ᠠ ᠮᠦᠴᠢᠷ  ᠲᠠᠢ ᠵᠤᠯᠭᠠᠯᠴᠠᠭᠤᠯᠤᠨ᠂ ᠣᠯᠠᠨ ᠤᠯᠤᠰ ᠤᠨ ᠲᠦᠷᠭᠡᠨ ᠬᠦᠷᠭᠡᠯᠲᠡ ᠶᠢᠨ ᠪᠤᠭᠤᠮᠲᠠ ᠦᠩᠭᠡᠷᠡᠬᠦ ᠠᠯᠬᠤᠮ ᠳᠠᠷᠠᠭ᠎ᠠ ᠶᠢ ᠦᠨᠳᠦᠰᠦᠯᠡᠨ᠂ ᠠᠵᠤ ᠠᠬᠤᠶᠢᠯᠠᠯ ᠳᠤ ᠬᠠᠮᠵᠢᠯᠴᠠᠨ ᠭᠤᠣᠯ ᠴᠤᠭᠴᠠ ᠶᠢᠨ ᠬᠠᠷᠢᠴᠠᠭ᠎ᠠ ᠶᠢ ᠲᠤᠳᠤᠷᠠᠭᠤᠯᠵᠤ᠂  ᠠᠵᠢᠯ ᠶᠠᠪᠤᠳᠠᠯ᠂ ᠪᠤᠭᠤᠮᠲᠠ ᠦᠩᠭᠡᠷᠡᠬᠦ᠂ ᠪᠤᠭᠤᠮᠲᠠ ᠳᠤ ᠤᠷᠤᠵᠤ ᠭᠠᠷᠬᠤ ᠭᠠᠷᠳᠠᠮ ᠵᠡᠷᠭᠡ ᠰᠢᠷᠢᠰ ᠠᠯᠬᠤᠮ ᠳᠠᠷᠠᠭ᠎ᠠ ᠶᠢ ᠰᠢᠯᠤᠭᠤᠳᠬᠠᠨ᠂  ᠠᠵᠢᠯᠯᠠᠭᠠᠨ ᠤ ᠠᠯᠳᠠᠭ᠎ᠠ ᠪᠤᠷᠤᠭᠤ ᠶᠢ ᠪᠠᠭᠠᠰᠬᠠᠵᠤ᠂  ᠪᠤᠭᠤᠮᠲᠠ ᠳᠤ ᠮᠡᠳᠡᠭᠦᠯᠬᠦ ᠦᠷ᠎ᠡ ᠠᠰᠢᠭ ᠢ ᠳᠡᠭᠡᠭᠰᠢᠯᠡᠭᠦᠯᠪᠡ᠃ ᠬᠤᠶᠠᠷ ᠲᠤ ᠡᠷᠡᠮᠡᠯᠵᠡᠬᠦ ᠰᠢᠰᠲ᠋ᠧᠮ ᠵᠢᠴᠢ ᠦᠢᠯᠡᠴᠢᠯᠡᠭᠡ ᠶᠢ ᠰᠢᠯᠢᠳᠡᠭᠵᠢᠭᠦᠯᠪᠡ᠃ ᠡᠷᠡᠮᠡᠯᠵᠡᠬᠦ ᠰᠢᠰᠲ᠋ᠧᠮ ᠤᠨ ᠲᠠᠪᠴᠠᠩ ᠤᠨ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠡᠷᠡᠮᠡᠯᠵᠡᠬᠦ ᠬᠤᠷᠳᠤᠴᠠ ᠶᠢ ᠳᠡᠭᠡᠭᠰᠢᠯᠡᠭᠦᠯᠵᠦ᠂  ᠪᠤᠭᠤᠮᠲᠠ ᠳᠤ ᠮᠡᠳᠡᠭᠦᠯᠬᠦ ᠠᠵᠢᠯ ᠶᠠᠪᠤᠳᠠᠯ ᠤᠨ ᠴᠢᠨᠰᠠᠭ᠎ᠠ ᠶᠢ ᠳᠡᠭᠡᠭᠰᠢᠯᠡᠭᠦᠯᠵᠦ ᠪᠦᠲᠦᠮᠵᠢ ᠶᠢ ᠨᠡᠮᠡᠭᠳᠡᠭᠦᠯᠪᠡ᠃ ᠡᠭᠦᠨ ᠤ ᠬᠠᠮᠲᠤ ᠪᠦᠬᠦ ᠶᠠᠪᠤᠴᠠ ᠶᠢᠨ ᠪᠢᠲᠡᠭᠦᠦ ᠡᠷᠭᠢᠯᠲᠡ ᠶᠢᠨ ᠦᠢᠯᠡᠴᠢᠯᠡᠭᠡ᠂ ᠤᠷᠢᠳᠴᠢᠯᠠᠨ ᠪᠤᠯᠵᠤᠵᠤ ᠪᠤᠭᠤᠮᠲᠠ ᠳᠤ ᠮᠡᠳᠡᠭᠦᠯᠬᠦ ᠦᠢᠯᠡᠴᠢᠯᠡᠭᠡ ᠢ ᠠᠰᠢᠭᠯᠠᠨ᠂ ᠪᠤᠭᠤᠮᠲᠠ ᠦᠩᠭᠡᠷᠡᠬᠦ ᠳᠤ ᠬᠡᠷᠡᠭᠰᠡᠬᠦ ᠴᠠᠭ ᠢ ᠪᠠᠭᠠᠰᠬᠠᠪᠠ᠃ ᠭᠤᠷᠪᠠ ᠳᠤ ᠬᠢᠨᠠᠨ ᠬᠠᠮᠢᠶᠠᠷᠤᠯᠲᠠ ᠶᠢᠨ ᠣᠷᠤᠨ ᠢ ᠰᠢᠨᠵᠢᠯᠡᠬᠦ ᠤᠬᠠᠭᠠᠨᠴᠢ ᠪᠠᠷ ᠲᠥᠯᠦᠪᠵᠢᠭᠦᠯᠵᠦ ᠪᠦᠲᠦᠭᠡᠨ ᠪᠠᠶᠢᠭᠤᠯᠪᠠ᠃  ᠡᠯ᠎ᠡ ᠠᠵᠢᠯᠯᠠᠭᠠᠨ ᠤ ᠬᠡᠰᠡᠭ ᠲᠤ ᠪᠠᠶᠢᠴᠠᠭᠠᠨ ᠬᠢᠨᠠᠬᠤ ᠬᠤᠪᠢ ᠱᠤᠭᠤᠮ ᠤᠨ ᠰᠢᠰᠲ᠋ᠧᠮ᠂ ᠪᠠᠷᠠᠭᠠᠨ ᠭᠦᠢᠯᠭᠡᠭᠡᠨ ᠤ ᠬᠥᠮᠦᠷᠭᠡ ᠶᠢᠨ ᠬᠠᠮᠢᠶᠠᠷᠤᠯᠲᠠ ᠶᠢᠨ ᠰᠢᠰᠲ᠋ᠧᠮ᠂ ᠲᠦᠷᠰᠦᠲᠦ ᠳᠠᠪᠲᠠᠮᠵᠢ ᠶᠢᠨ ᠬᠢᠨᠠᠨ ᠡᠵᠡᠮᠳᠡᠯᠲᠡ ᠶᠢᠨ ᠰᠢᠰᠲ᠋ᠧᠮ ᠵᠢᠴᠢ ᠬᠠᠮᠢᠶ᠎ᠠ ᠪᠦᠬᠦᠢ ᠢᠵᠢ ᠪᠦᠷᠢᠳᠦᠭᠰᠡᠨ ᠲᠥᠬᠦᠭᠡᠷᠦᠮᠵᠢ ᠶᠢ ᠲᠤᠬᠢᠷᠠᠭᠤᠯᠵᠤ᠂ ᠰᠢᠨᠵᠢᠯᠡᠭᠡ ᠮᠡᠷᠭᠡᠵᠢᠯ ᠢᠶᠠᠷ ᠬᠢᠨᠠᠨ ᠬᠠᠮᠢᠶᠠᠷᠴᠤ ᠪᠠᠶᠢᠴᠠᠭᠠᠨ ᠰᠢᠯᠭᠠᠬᠤ ᠳᠤ ᠬᠦᠴᠦᠨ ᠨᠡᠮᠡᠷᠢᠯᠡᠵᠦ᠂  ᠪᠦᠬᠦᠶᠢᠯᠡ ᠣᠷᠤᠨ ᠬᠡᠪᠴᠢᠶᠡᠨ ᠤ ᠪᠢᠳᠡᠭᠦᠦ ᠡᠷᠭᠢᠯᠲᠡ ᠶᠢᠨ ᠬᠢᠨᠠᠨ ᠬᠠᠮᠢᠶᠠᠷᠴᠤ ᠪᠠᠶᠢᠴᠠᠭᠠᠨ ᠰᠢᠯᠭᠠᠬᠤ ᠬᠡᠯᠪᠡᠷᠢ ᠶᠢ ᠪᠦᠷᠢᠯᠳᠦᠭᠦᠯᠵᠦ᠂  ᠬᠢᠨᠠᠨ ᠬᠠᠮᠢᠶᠠᠷᠴᠤ ᠪᠠᠶᠢᠴᠠᠭᠠᠨ ᠰᠢᠯᠭᠠᠬᠤ ᠪᠦᠲᠦᠮᠵᠢ ᠶᠢ ᠲᠤᠩ ᠶᠡᠭᠡ ᠪᠠᠷ ᠳᠡᠭᠡᠭᠰᠢᠯᠡᠭᠦᠯᠪᠡ᠃        ᠤᠶᠢᠷ᠎ᠠ ᠳᠤ ᠤᠯᠠᠭᠠᠨᠬᠠᠳᠠ ᠶᠢᠨ ᠣᠯᠠᠨ ᠤᠯᠤᠰ ᠤᠨ ᠲᠦᠷᠭᠡᠨ ᠬᠦᠷᠭᠡᠯᠲᠡ ᠶᠢᠨ ᠬᠢᠨᠠᠨ ᠬᠠᠮᠢᠶᠠᠷᠤᠯᠲᠠ ᠶᠢᠨ ᠲᠥᠪ ᠤᠨ ᠨᠢᠭᠡ ᠪᠦᠯᠦᠭ ᠲᠦᠷᠭᠡᠨ ᠬᠦᠷᠭᠡᠯᠲᠡ ᠮᠠᠰᠢᠨ ᠢᠶᠠᠷ ᠦᠩᠭᠡᠷᠡᠵᠦ ᠪᠠᠶᠢᠴᠠᠭᠠᠨ ᠰᠢᠯᠭᠠᠵᠤ ᠪᠤᠭᠤᠮᠲᠠ ᠦᠩᠭᠡᠷᠡᠪᠡ᠂  ᠡᠨᠡ ᠤᠳᠠᠭ᠎ᠠ ᠨᠡᠶᠢᠲᠡ 766 ᠪᠤᠭᠤᠳᠠᠯ᠂  ᠪᠠᠷᠠᠭᠠᠨ ᠤ ᠥᠷᠲᠡᠭ 111436.4 ᠲᠦᠭᠦᠷᠢᠭ᠃ ᠣᠯᠠᠨ ᠤᠯᠤᠰ ᠤᠨ ᠲᠦᠷᠭᠡᠨ ᠬᠦᠷᠭᠡᠯᠲᠡ ᠶᠢᠨ ᠬᠢᠨᠠᠨ ᠬᠠᠮᠢᠶᠠᠷᠤᠯᠲᠠ ᠶᠢᠨ ᠲᠥᠪ ᠡᠵᠡᠩᠨᠡᠯᠲᠡ ᠡᠬᠢᠯᠡᠭᠰᠡᠨ ᠠᠴᠠ ᠣᠳᠣ ᠪᠣᠯᠲᠠᠯ᠎ᠠ ᠨᠡᠶᠢᠲᠡ 14 ᠪᠥᠯᠦᠭ ᠲᠦᠷᠭᠡᠨ ᠬᠦᠷᠭᠡᠯᠲᠡ ᠶᠢ ᠪᠤᠭᠤᠮᠲᠠ ᠳᠤ ᠣᠷᠤᠭᠤᠯᠵᠤ᠂ 7068 ᠪᠤᠭᠤᠳᠠᠯ᠂  ᠪᠠᠷᠠᠭᠠᠨ ᠤ ᠥᠷᠲᠡᠭ 164 ᠲᠥᠮᠡᠨ ᠲᠦᠭᠦᠷᠢᠭ᠂  ᠲᠦᠷᠭᠡᠨ ᠬᠦᠷᠭᠡᠯᠲᠡ ᠶᠢᠨ ᠭᠠᠳᠠᠭᠠᠲᠤ ᠠᠴᠠ ᠣᠷᠤᠭᠤᠯᠬᠤ ᠠᠵᠢᠯ ᠶᠠᠪᠤᠳᠠᠯ ᠢ ᠲᠤᠭᠲᠠᠭᠤᠨ ᠬᠦᠭᠵᠢᠭᠦᠯᠪᠡ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号