ᠬᠤᠩᠱᠠᠨ ᠲᠣᠭᠤᠷᠢᠭ 2024  ᠣᠨ ᠤ ᠤᠢ ᠰᠢᠭᠤᠢ ᠲᠠᠯ᠎ᠠ ᠨᠤᠲᠤᠭ ᠤᠨ ᠠᠮᠢᠳᠤ ᠪᠤᠳᠠᠰ ᠤᠨ ᠬᠤᠤᠷ ᠬᠥᠨᠦᠭᠡᠯ ᠢ ᠰᠡᠷᠭᠡᠶᠢᠯᠡᠨ ᠡᠵᠡᠮᠳᠡᠬᠦ ᠶᠢ ᠤᠬᠠᠭᠤᠯᠬᠤ ᠭᠠᠷᠠᠭ ᠤᠨ ᠠᠵᠢᠯᠯᠠᠭᠠᠨ ᠢ ᠦᠷᠨᠢᠭᠦᠯᠪᠡ
ᠨᠡᠶᠢᠲᠡᠯᠡᠭᠰᠡᠨ ᠴᠠᠭ᠄
2024/6/4
       ᠤᠢ ᠰᠢᠭᠤᠢ ᠲᠠᠯ᠎ᠠ ᠨᠤᠲᠤᠭ ᠤᠨ ᠠᠮᠢᠳᠤ ᠪᠤᠳᠠᠰ ᠤᠨ ᠬᠤᠤᠷ ᠬᠦᠨᠦᠭᠡᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠦᠭᠡ ᠬᠤᠩᠱᠠᠨ ᠲᠤᠭᠤᠷᠢᠭ ︽ᠤᠢ ᠰᠢᠭᠤᠢ ᠲᠠᠯ᠎ᠠ ᠨᠤᠲᠤᠭ ᠤᠨ ᠬᠤᠤᠷᠲᠠᠢ ᠠᠮᠢᠳᠤ ᠪᠤᠳᠠᠰ ᠢ ᠰᠡᠷᠭᠡᠶᠢᠯᠡᠨ ᠡᠵᠡᠮᠳᠡᠵᠦ᠂ ᠦᠵᠡᠰᠬᠦᠯᠡᠩᠲᠦ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠵᠢᠳᠬᠦᠯ ᠦᠵᠡᠭᠦᠯᠬᠦ ᠶᠢ ᠴᠢᠩᠭᠠᠳᠬᠠᠬᠤ︾  ᠪᠠᠷ ᠭᠤᠣᠯ ᠰᠡᠳᠦᠪ ᠪᠣᠯᠭᠠᠭᠰᠠᠨ 2024 ᠣᠨ ᠤ ᠤᠢ ᠰᠢᠭᠤᠢ ᠲᠠᠯ᠎ᠠ ᠨᠤᠲᠤᠭ ᠤᠨ ᠠᠮᠢᠳᠤ ᠪᠤᠳᠠᠰ ᠤᠨ ᠬᠤᠤᠷ ᠬᠦᠨᠦᠭᠡᠯ ᠢ ᠰᠡᠷᠭᠡᠶᠢᠯᠡᠨ ᠡᠵᠡᠮᠳᠡᠬᠦ ᠶᠢ ᠤᠬᠠᠭᠤᠯᠬᠤ ᠭᠠᠷᠠᠭ ᠤᠨ ᠠᠵᠢᠯᠯᠠᠭᠠᠨ ᠢ ᠦᠷᠨᠢᠭᠦᠯᠪᠡ᠃        ᠠᠵᠢᠯᠯᠠᠭᠠᠨ ᠨᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂  ᠮᠢᠨᠦ ᠰᠢᠨ᠎ᠡ ᠬᠤᠩᠱᠠᠨ ᠰᠤᠷᠠᠭ ᠵᠠᠩᠭᠢ ᠶᠢᠨ ᠲᠠᠪᠴᠠᠩ ᠳᠤ ᠰᠢᠨᠵᠢᠯᠡᠭᠡ ᠮᠡᠷᠭᠡᠵᠢᠯ ᠢ ᠲᠦᠭᠡᠮᠡᠯᠵᠢᠭᠦᠯᠬᠦ ᠵᠡᠷᠭᠡ ᠠᠷᠭ᠎ᠠ ᠠᠪᠴᠠᠯ ᠢ ᠠᠰᠢᠭᠯᠠᠨ᠂ ᠰᠡᠷᠭᠡᠶᠢᠯᠡᠨ ᠡᠵᠡᠮᠳᠡᠬᠦ ᠮᠡᠳᠡᠯᠭᠡ ᠶᠢ ᠠᠵᠤ ᠠᠬᠤᠶᠢᠯᠠᠯ᠂ ᠨᠡᠶᠢᠭᠡᠮ ᠲᠣᠭᠤᠷᠢᠭ ᠂ ᠤᠢ ᠰᠢᠭᠤᠢ ᠶᠢᠨ ᠲᠠᠯᠠᠪᠠᠢ ᠳᠤ ᠣᠷᠤᠭᠤᠯᠵᠤ᠂  ᠣᠯᠠᠨ ᠲᠥᠮᠡᠨ ᠳᠤ ᠤᠢ ᠰᠢᠭᠤᠢ ᠲᠠᠯ᠎ᠠ ᠨᠤᠲᠤᠭ ᠤᠨ ᠠᠮᠢᠳᠤ ᠪᠣᠳᠠᠰ ᠤᠨ ᠬᠤᠤᠷ ᠬᠦᠨᠦᠭᠡᠯ ᠵᠢᠴᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠬᠠᠭᠤᠯᠵᠤ᠂ ᠣᠯᠠᠨ ᠲᠥᠮᠡᠨ ᠤ ᠤᠢ ᠰᠢᠭᠤᠢ ᠲᠠᠯ᠎ᠠ ᠨᠤᠲᠤᠭ ᠤᠨ ᠠᠮᠢᠳᠤ ᠪᠣᠳᠠᠰ ᠤᠨ ᠬᠤᠤᠷ ᠬᠦᠨᠦᠭᠡᠯ ᠢ ᠰᠡᠷᠭᠡᠶᠢᠯᠡᠨ ᠵᠠᠰᠠᠬᠤ ᠶᠢ ᠳᠡᠮᠵᠢᠬᠦ ᠪᠠ ᠣᠷᠤᠯᠴᠠᠬᠤ ᠤᠬᠠᠮᠰᠠᠷᠲᠤ ᠴᠢᠨᠠᠷ ᠪᠠ ᠢᠳᠡᠪᠬᠢ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂  ᠤᠯᠠᠨ ᠲᠥᠮᠡᠨ ᠤ ᠭᠠᠯ ᠤᠨ ᠠᠶᠤᠯ ᠢ ᠰᠡᠷᠭᠡᠶᠢᠯᠡᠵᠦ ᠪᠠᠭᠠᠰᠬᠠᠬᠤ ᠤᠬᠠᠮᠰᠠᠷ ᠪᠠ ᠴᠢᠳᠠᠪᠤᠷᠢ ᠶᠢ ᠴᠢᠩᠭᠠᠳᠬᠠᠪᠠ᠃        ᠳᠠᠷᠠᠭ᠎ᠠ ᠠᠯᠬᠤᠮ ᠳᠤ ᠬᠤᠩᠱᠠᠨ ᠲᠣᠭᠤᠷᠢᠭ  ︽2024  ᠤᠨ ᠤ ᠤᠢ ᠰᠢᠭᠤᠢ ᠲᠠᠯ᠎ᠠ ᠨᠤᠲᠤᠭ ᠤᠨ ᠠᠮᠢᠳᠤ ᠪᠤᠳᠠᠰ ᠤᠨ ᠬᠤᠤᠷ ᠬᠦᠨᠦᠭᠡᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠭᠠᠷᠠᠭ︾  ᠢᠶᠠᠷ ᠠᠵᠠ ᠲᠤᠬᠢᠶᠠᠯ ᠭᠠᠷᠳᠠᠴᠠ ᠪᠣᠯᠭᠠᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢ ᠵᠤᠬᠢᠶᠠᠨ ᠪᠠᠶᠢᠭᠤᠯᠵᠤ ᠤᠢ ᠰᠢᠭᠤᠢ ᠲᠠᠯ᠎ᠠ ᠨᠤᠲᠤᠭ ᠤᠨ ᠠᠮᠢᠳᠤ ᠪᠤᠳᠠᠰ ᠤᠨ ᠬᠤᠤᠷ ᠬᠦᠨᠦᠭᠡᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠦᠷᠨᠢᠭᠦᠯᠬᠦ ᠪᠣᠯᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号