ᠬᠤᠩᠱᠠᠨ ᠲᠣᠭᠤᠷᠢᠭ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ  +  ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ ᠰᠢᠨ᠎ᠡ ᠱᠠᠲᠤᠨ ᠳᠤ ᠣᠷᠤᠪᠠ
ᠨᠡᠶᠢᠲᠡᠯᠡᠭᠰᠡᠨ ᠴᠠᠭ᠄
2024/8/23
                           ᠨᠢᠭᠡ᠂ ᠤᠯᠤᠰ ᠤᠨ ᠳᠡᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠦᠭᠵᠢᠭᠦᠯᠦᠯᠲᠡ ᠶᠢᠨ ᠲᠠᠪᠴᠠᠩ ᠢ ᠲᠦᠷᠭᠡᠪᠴᠢᠯᠡᠨ ᠡᠷᠡᠮᠡᠯᠵᠡᠨ ᠪᠠᠶᠢᠭᠤᠯᠵᠤ᠂  ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠪᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠡᠰᠡᠭᠯᠡᠨ ᠪᠤᠷᠤᠯᠠᠭᠤᠯᠬᠤ ᠭᠠᠳᠠᠭᠠᠳᠤ ᠠᠴᠠ ᠣᠷᠤᠭᠤᠯᠬᠤ ᠲᠤᠷᠰᠢᠯᠲᠠ ᠶᠢᠨ ᠴᠡᠭ ᠤᠨ ᠬᠤᠲᠠ ᠪᠠᠷ ᠠᠮᠵᠢᠯᠲᠠᠲᠠᠢ ᠡᠷᠡᠮᠡᠯᠵᠡᠨ ᠪᠠᠶᠢᠭᠤᠯᠵᠤ᠂  ᠲᠥᠷᠦ ᠶᠢᠨ ᠪᠣᠳᠣᠯᠭ᠎ᠠ ᠶᠢᠨ ᠠᠴᠢ ᠲᠤᠰᠠ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠠᠩᠬᠠᠨ ᠤ ︽1210︾  ᠭᠠᠳᠠᠭᠠᠳᠤ ᠠᠴᠠ ᠣᠷᠣᠭᠤᠯᠬᠤ ᠵᠢᠴᠢ ᠭᠠᠳᠠᠭᠠᠳᠤ ᠳᠤ ᠭᠠᠷᠭᠠᠬᠤ ᠠᠵᠢᠯ ᠶᠠᠪᠤᠳᠠᠯ ᠤᠨ ᠪᠣᠭᠤᠮᠲᠠ ᠪᠣᠯᠵᠤ᠂  ᠲᠠᠪᠴᠠᠩ ᠳᠤ ᠲᠦᠰᠢᠭᠯᠡᠨ ︽9610︾᠂  ︽9710︾᠂  ︽9810︾  ᠵᠡᠷᠭᠡ ᠡᠯ᠎ᠡ ᠲᠦᠷᠦᠯ ᠤᠨ ᠬᠡᠯᠪᠡᠷᠢ ᠪᠠᠷ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠠᠵᠢᠯ ᠶᠠᠪᠤᠳᠠᠯ ᠢ ᠦᠷᠨᠢᠭᠦᠯᠪᠡ᠃ ᠤᠳᠤᠬᠠᠨ ᠪᠣᠯᠲᠠᠯ᠎ᠠ ᠳᠤᠮᠳᠠᠳᠤ ᠤᠯᠤᠰ ︵ᠤᠯᠠᠭᠠᠨᠬᠠᠳᠠ︶  ᠤᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠳᠤ ᠨᠡᠶᠢᠲᠡ 224  ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠳᠠᠩᠰᠠᠯᠠᠵᠠᠢ᠃        ᠬᠤᠶᠠᠷ᠂ ᠭᠠᠳᠠᠭᠠᠳᠤ ᠠᠷᠠᠯᠵᠢᠶᠠᠨ ᠤ ᠵᠠᠬ᠎ᠠ ᠳᠡᠯᠭᠡᠭᠦᠷ ᠢ ᠦᠷᠭᠡᠳᠬᠡᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠤᠯᠢᠯᠴᠠᠭᠠᠨ ᠤ ᠲᠤᠭ᠎ᠠ ᠶᠢ ᠨᠡᠮᠡᠭᠳᠡᠭᠦᠯᠪᠡ᠃  ᠮᠠᠨᠵᠤᠤᠷ ᠤᠨ ᠡᠯᠧᠺᠲᠷᠤᠨ ᠭᠠᠷᠠᠮ ᠳᠤ ᠲᠦᠰᠢᠭᠯᠡᠨ᠂  ᠣᠯᠠᠨ ᠰᠠᠯᠠᠭ᠎ᠠ ᠮᠦᠴᠢᠷ ︽ᠰᠤᠷᠠᠭ ᠵᠠᠩᠭᠢ ᠪᠠᠨ ᠨᠡᠪᠲᠡᠷᠡᠯᠴᠡᠨ᠂  ᠬᠢᠨᠠᠨ ᠬᠠᠮᠢᠶᠠᠷᠤᠯᠲᠠ ᠪᠠᠨ ᠬᠠᠷᠢᠯᠴᠠᠨ ᠮᠡᠳᠡᠷᠡᠵᠦ᠂  ᠬᠠᠤᠯᠢ ᠬᠡᠷᠡᠭᠵᠢᠭᠦᠯᠦᠯᠲᠡ ᠳᠤ ᠬᠠᠷᠢᠯᠴᠠᠨ ᠲᠤᠰᠠᠯᠠᠯᠴᠠᠵᠤ︾᠂  ︽ᠪᠤᠭᠤᠮᠲᠠ︾᠂  ︽ᠭᠠᠶᠢᠯᠢ︾᠂  ︽ᠭᠤᠪᠢᠭᠤᠯᠭ᠎ᠠ︾᠂  ︽ᠪᠠᠶᠢᠴᠠᠭᠠᠬᠤ︾᠂  ︽ᠠᠷᠠᠯᠵᠢᠶ᠎ᠠ︾᠂ ︽ᠡᠳ᠋ ᠪᠠᠷᠠᠭ᠎ᠠ︾᠂ ︽ ᠭᠦᠢᠯᠭᠡᠭᠡᠨ︾  ᠤ ᠬᠤᠭᠤᠷᠤᠨᠳᠤᠬᠢ ︽ᠰᠤᠷᠠᠭ ᠵᠠᠩᠭᠢ ᠶᠢᠨ ᠪᠠᠬᠢᠯᠡᠯᠲᠡ︾ ᠶᠢ ᠦᠭᠡᠶᠢᠰᠬᠡᠵᠦ᠂  ᠬᠢᠯᠢ ᠠᠯᠤᠰᠯᠠᠭᠰᠠᠨ ᠭᠠᠳᠠᠭᠠᠳᠤ ᠠᠷᠠᠯᠵᠢᠶᠠᠨ ᠤ ᠡᠯᠧᠺᠲᠷᠤᠨ ᠬᠤᠳᠠᠯᠳᠤᠭᠠᠨ ᠤ ᠲᠠᠸᠠᠷ᠂  ᠠᠷᠠᠯᠵᠢᠶᠠᠨ ᠤ ᠡᠷᠦᠬᠡ᠂ ᠲᠠᠪᠴᠠᠩ᠂  ᠪᠠᠷᠠᠭᠠᠨ ᠭᠦᠢᠯᠭᠡᠭᠡ᠂ ᠭᠠᠷᠠᠮ ᠵᠡᠷᠭᠡ ᠰᠤᠷᠠᠭ ᠵᠠᠩᠭᠢ ᠶᠢ ᠬᠤᠪᠢᠶᠠᠯᠴᠠᠬᠤ ᠶᠡᠷᠦᠩᠬᠡᠶᠢᠯᠡᠭᠰᠡᠨ ᠲᠠᠪᠴᠠᠩ ᠢ ᠪᠦᠷᠢᠯᠳᠦᠭᠦᠯᠪᠡ᠃ ᠵᠢᠯ ᠤᠨ ᠡᠬᠢᠨ ᠠᠴᠠ ᠨᠠᠰᠢ 515 ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠣᠷᠤᠭᠤᠯᠵᠤ ᠭᠠᠷᠭᠠᠬᠤ ᠠᠵᠢᠯ ᠶᠠᠪᠤᠳᠠᠯ ᠢ ᠪᠦᠲᠦᠭᠡᠵᠦ᠂ 1.76 ᠳ᠋ᠦᠩᠰᠢᠭᠤᠷ ᠲᠦᠭᠦᠷᠢᠭ ᠤᠨ ᠰᠤᠯᠢᠯᠴᠠᠭᠠᠨ ᠤ ᠲᠤᠭ᠎ᠠ ᠶᠢ ᠪᠡᠶᠡᠯᠡᠭᠦᠯᠪᠡ᠃        ᠭᠤᠷᠪᠠ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠲᠠᠪᠴᠠᠩ ᠤᠨ ᠣᠷᠣᠭᠤᠯᠵᠤ ᠭᠠᠷᠭᠠᠬᠤ ᠰᠣᠪᠠᠭ ᠢ ᠦᠷᠭᠡᠳᠬᠡᠵᠦ᠂  ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠪᠡ᠃ 2023  ᠣᠨ ᠤ 4  ᠰᠠᠷ᠎ᠠ ᠳᠤ ᠤᠯᠠᠭᠠᠨᠬᠠᠳᠠ ᠶᠢᠨ ᠣᠯᠠᠨ ᠤᠯᠤᠰ ᠤᠨ ᠲᠦᠷᠭᠡᠨ ᠬᠦᠷᠭᠡᠯᠲᠡ ᠶᠢᠨ ᠬᠢᠨᠠᠨ ᠬᠠᠮᠢᠶᠠᠷᠬᠤ ᠲᠥᠪ ᠡᠵᠡᠩᠨᠡᠯᠲᠡ ᠡᠬᠢᠯᠡᠭᠰᠡᠨ ᠠᠴᠠ ᠥᠪᠥᠷ ᠮᠤᠩᠭᠤᠯ ᠤᠨ ᠵᠡᠭᠦᠨ ᠬᠡᠰᠡᠭ ᠤᠨ ᠠᠩᠬᠠᠳᠠᠭᠴᠢ ᠭᠠᠳᠠᠭᠠᠳᠤ ᠠᠴᠠ ᠣᠷᠣᠭᠤᠯᠵᠤ ᠭᠠᠷᠭᠠᠬᠤ ᠲᠦᠷᠭᠡᠨ ᠬᠦᠷᠭᠡᠯᠲᠡ ᠶᠢᠨ ᠭᠠᠷᠠᠮ᠂ ᠬᠦᠮᠦᠷᠭᠡ᠂  ᠲᠡᠭᠡᠭᠡᠬᠦ ᠪᠠᠭᠤᠯᠭᠠᠬᠤ᠂  ᠬᠤᠪᠢᠶᠠᠷᠢᠯᠠᠬᠤ᠂  ᠪᠠᠷᠠᠭᠠᠨ ᠭᠦᠢᠯᠭᠡᠭᠡᠨ ᠤ ᠰᠤᠷᠠᠭ ᠵᠠᠩᠭᠢ ᠶᠢ ᠶᠡᠷᠦᠩᠬᠡᠶᠢᠯᠡᠨ ᠰᠢᠢᠳᠪᠦᠷᠢᠯᠡᠬᠦ ᠪᠠᠷ ᠨᠢᠭᠡ ᠴᠣᠭᠴᠠ ᠪᠣᠯᠭᠠᠭᠰᠠᠨ ᠣᠳᠣᠬᠢᠴᠢᠯᠠᠭᠰᠠᠨ ᠣᠯᠠᠨ ᠤᠯᠤᠰ ᠤᠨ ᠲᠦᠷᠭᠡᠨ ᠬᠦᠷᠭᠡᠯᠲᠡ ᠶᠢᠨ ᠲᠦᠪᠯᠡᠷᠡᠭᠦᠯᠵᠦ ᠲᠠᠷᠬᠠᠭᠠᠬᠤ ᠰᠠᠭᠤᠷᠢᠨ ᠪᠣᠯᠵᠤ᠂ ᠨᠡᠶᠢᠰᠯᠡᠯ ᠤᠨ ᠤᠯᠠᠨ ᠤᠯᠤᠰ ᠤᠨ ᠨᠢᠰᠬᠡᠯ ᠤᠨ ᠪᠠᠭᠤᠳᠠᠯ ᠤᠨ ᠪᠦᠬᠦ ᠪᠦᠮᠪᠦᠷᠴᠡᠭ ᠲᠤ ᠨᠡᠪᠲᠡᠷᠡᠬᠦ ᠠᠭᠠᠷ ᠤᠨ ᠠᠷᠠᠯᠵᠢᠶᠠᠨ ᠤ ᠰᠣᠪᠠᠭ ᠢ ᠠᠮᠵᠢᠯᠲᠠᠲᠠᠢ ᠪᠠᠶᠢᠭᠤᠯᠪᠠ᠃ ᠣᠳᠣᠬᠠᠨ ᠳᠤ ᠭᠠᠵᠠᠷ ᠣᠷᠣᠨ ᠤ ᠭᠠᠳᠠᠭᠠᠳᠤ ᠠᠴᠠ ᠣᠷᠣᠭᠤᠯᠤᠭᠰᠠᠨ ᠣᠯᠠᠨ ᠤᠯᠤᠰ ᠤᠨ ᠲᠦᠷᠭᠡᠨ ᠬᠦᠷᠭᠡᠯᠲᠡ ᠶᠢ ᠵᠡᠭᠦᠨ ᠬᠤᠶᠢᠲᠤ ᠶᠢᠨ ᠭᠤᠷᠪᠠᠨ ᠮᠤᠵᠢ᠂  ᠵᠢᠩ ᠶᠢᠨ ᠵᠢᠢ᠂  ᠬᠥᠬᠡᠮᠦ᠋ᠷᠡᠨ ᠤ ᠭᠤᠷᠪᠠᠯᠵᠢᠨ ᠬᠤᠶᠢᠭ ᠵᠡᠷᠭᠡ ᠪᠦᠬᠦ ᠤᠯᠤᠰ ᠤᠨ ᠶᠡᠬᠡᠩᠬᠢ ᠮᠤᠵᠢ ᠬᠤᠲᠠ ᠭᠠᠵᠠᠷ ᠣᠷᠣᠨ ᠳᠤ ᠲᠣᠬᠢᠷᠠᠭᠤᠯᠤᠨ ᠬᠦᠷᠭᠡᠬᠦ ᠪᠣᠯᠪᠠ᠃ ᠵᠢᠯ ᠤᠨ ᠡᠬᠢᠨ ᠠᠴᠠ  ᠨᠠᠰᠢ᠂  ᠨᠡᠶᠢᠲᠡ  17  ᠪᠥᠯᠦᠭ ᠲᠦᠷᠭᠡᠨ ᠬᠦᠷᠭᠡᠯᠲᠡ ᠶᠢ  ᠭᠠᠳᠠᠭᠠᠳᠤ ᠠᠴᠠ ᠣᠷᠣᠭᠤᠯᠵᠤ᠂  ᠪᠠᠷᠠᠭᠠᠨ ᠤ ᠥᠷᠲᠡᠭ  184.6 ᠲᠥᠮᠡᠨ ᠲᠦᠭᠦᠷᠢᠭ᠃        ᠳᠥᠷᠪᠡ᠂  ᠨᠠᠷᠢᠯᠢᠭ ᠣᠨᠤᠪᠴᠢᠲᠠᠢ ᠤᠨᠴᠠᠯᠢᠭᠲᠤ ᠦᠢᠯᠡᠴᠢᠯᠡᠭᠡ ᠶᠢ ᠰᠠᠶᠢᠲᠤᠷ ᠬᠢᠵᠦ᠂  ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠪᠡ᠃  ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠲᠤᠰᠬᠠᠢ ᠲᠥᠷᠦᠯ ᠤᠨ ᠪᠡᠯᠡ ᠮᠦᠩᠭᠦ ᠶᠢ ᠡᠷᠡᠮᠡᠯᠵᠡᠬᠦ ᠶᠢ ᠢᠳᠡᠪᠬᠢᠲᠡᠢ ᠵᠣᠬᠢᠶᠠᠨ ᠪᠠᠶᠢᠭᠤᠯᠵᠤ᠂  8  ᠠᠵᠤ ᠠᠬᠤᠶᠢᠯᠠᠯ ᠳᠤ ᠬᠠᠮᠵᠢᠯᠴᠠᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠦᠭᠵᠢᠭᠦᠯᠦᠯᠲᠡ ᠶᠢᠨ ᠲᠤᠰᠬᠠᠢ ᠲᠥᠷᠦᠯ ᠤᠨ ᠪᠡᠯᠡ ᠮᠦᠩᠭᠦ 1066.62  ᠲᠥᠮᠡᠨ ᠲᠦᠭᠦᠷᠢᠭ ᠡᠷᠡᠮᠡᠯᠵᠡᠪᠡ᠃ 4  ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠳᠤ ᠬᠠᠪᠰᠤᠷᠤᠨ ᠥᠪᠡᠷᠲᠡᠭᠡᠨ ᠵᠠᠰᠠᠬᠤ ᠣᠷᠣᠨ ᠤ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠲᠤᠷᠰᠢᠯᠲᠠ ᠶᠢᠨ ᠠᠵᠤ ᠠᠬᠤᠶᠢᠯᠠᠯ ᠢᠶᠠᠷ ᠡᠷᠡᠮᠡᠯᠵᠡᠪᠡ᠃
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号