| | | ᠥᠨᠥ ᠵᠢᠯ ᠠᠴᠠ ᠨᠠᠰᠢ ᠬᠤᠩᠱᠠᠨ ᠲᠣᠭᠤᠷᠢᠭ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠤᠩᠭᠤᠯ ᠳᠠᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠤᠭᠴᠠᠯᠠᠬᠤ ᠪᠠᠷ ᠭᠤᠣᠯ ᠱᠣᠭᠤᠮ ᠪᠣᠯᠭᠠᠨ ︽ | ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠡᠯ᠎ᠡ ᠲᠥᠷᠦᠯ ᠤᠨ ᠠᠵᠤ | ᠠᠬᠤᠢ ᠶᠢ ᠲᠤᠭᠲᠠᠭᠤᠨ ᠬᠦᠭᠵᠢᠭᠦᠯᠬᠦ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠪᠠ᠃ ᠬᠠᠮᠤᠭ | ᠰᠢᠨ᠎ᠡ ᠲᠤᠭ᠎ᠠ ᠪᠠᠷᠢᠮᠲᠠ ᠳᠤ ᠢᠯᠡᠷᠡᠭᠰᠡᠨ ᠢᠶᠠᠷ 2024 ᠣᠨ ᠤ ᠳᠡᠭᠡᠷ᠎ᠡ ᠬᠠᠭᠠᠰ ᠵᠢᠯ ᠳᠤ ᠬᠤᠩᠱᠠᠨ | ᠲᠣᠭᠤᠷᠢᠭ ᠤᠨ ᠠᠵᠤ ᠠᠬᠤᠢ ᠲᠤᠭᠲᠠᠭᠤᠨ ᠤ ᠳᠤᠮᠳᠠ ᠤᠷᠤᠭᠰᠢᠯᠠᠬᠤ ᠶᠢ ᠪᠠᠲᠤᠯᠠᠭᠰᠠᠨ ᠰᠠᠶᠢᠨ ᠬᠠᠨᠳᠤᠰᠢ | ᠢᠯᠡᠷᠡᠪᠡ᠃ | | | ᠬᠤᠰᠢᠭᠤ ᠰᠢᠶᠠᠨ ᠲᠤᠭᠤᠷᠢᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠲᠦᠯᠲᠡᠢ | ᠪᠤᠳᠤᠭᠰᠠᠨ ᠥᠷ᠎ᠡ ᠳ᠋ᠦᠩ ᠢ ᠦᠨᠳᠦᠰᠦᠯᠡᠪᠡᠯ᠂ 2024 ᠣᠨ ᠤ ᠳᠡᠭᠡᠷ᠎ᠡ ᠬᠠᠭᠠᠰ ᠵᠢᠯ ᠳᠤ ᠬᠤᠩᠱᠠᠨ | ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 187.4 ᠳ᠋ᠦᠩᠰᠢᠭᠤᠷ | ᠲᠦᠭᠦᠷᠢᠭ ᠲᠤ ᠬᠦᠷᠴᠦ᠂ ᠬᠤᠪᠢᠷᠠᠬᠤ ᠦᠭᠡᠢ ᠬᠠᠩᠰᠢ ᠪᠠᠷ ᠪᠤᠳᠤᠪᠠᠯ ᠠᠳᠠᠯᠢ ᠬᠤᠭᠤᠴᠠᠭᠠᠨ ᠤ ᠬᠢ ᠠᠴᠠ 4. | 5% ᠪᠠᠷ ᠨᠡᠮᠡᠭᠳᠡᠪᠡ᠃ ᠭᠤᠷᠪᠠᠨ ᠶᠡᠭᠡ ᠠᠵᠤ ᠦᠢᠯᠡᠰ ᠤᠨ ᠳᠤᠮᠳᠠ ᠨᠢᠭᠡᠳᠦᠭᠡᠷ ᠠᠵᠤ ᠦᠢᠯᠡᠰ ᠤᠨ ᠨᠡᠮᠡᠭᠳᠡᠯ | ᠥᠷᠲᠡᠭ 1.5 ᠳ᠋ᠦᠩᠰᠢᠭᠤᠷ ᠲᠦᠭᠦᠷᠢᠭ᠂ 6% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ | ᠥᠷᠲᠡᠭ 74 ᠳ᠋ᠦᠩᠰᠢᠭᠤᠷ ᠲᠦᠭᠦᠷᠢᠭ᠂ 10.5% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ | ᠨᠡᠮᠡᠭᠳᠡᠯ ᠥᠷᠲᠡᠭ 112 ᠳ᠋ᠦᠩᠰᠢᠭᠤᠷ ᠲᠦᠭᠦᠷᠢᠭ᠂ 1.5% ᠪᠠᠷ ᠨᠡᠮᠡᠭᠳᠡᠪᠡ᠃ | | | ᠲᠠᠷᠢᠶᠠᠯᠠᠩ ᠤᠨ ᠦᠢᠯᠡᠳᠪᠦᠷᠢᠯᠡᠯ ᠤᠨ ᠬᠠᠨᠳᠤᠰᠢ ᠰᠠᠶᠢᠵᠢᠷᠠᠪᠠ | ᠬᠤᠩᠱᠠᠨ ᠲᠣᠭᠤᠷᠢᠭ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠳᠤᠬᠢᠴᠢᠯᠠᠭᠰᠠᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠢ | ᠲᠦᠷᠭᠡᠪᠴᠢᠯᠡᠨ ᠪᠠᠶᠢᠭᠤᠯᠵᠤ᠂ ᠦᠢᠯᠡᠳᠪᠦᠷᠢᠯᠡᠯ ᠢ ᠲᠤᠭᠲᠠᠭᠤᠨ ᠬᠦᠭᠵᠢᠭᠦᠯᠵᠦ ᠬᠠᠩᠭᠠᠯᠭ᠎ᠠ ᠶᠢ ᠪᠠᠲᠤᠯᠠᠬᠤ᠂ | ᠴᠢᠨᠰᠠᠭ᠎ᠠ ᠶᠢ ᠳᠡᠭᠡᠭᠰᠢᠯᠡᠭᠦᠯᠦᠨ ᠥᠷ᠎ᠡ ᠠᠰᠢᠭ ᠢ ᠨᠡᠮᠡᠭᠳᠡᠭᠦᠯᠬᠦ ᠵᠡᠷᠭᠡ ᠲᠠᠯ᠎ᠠ ᠳᠤ ᠨᠢᠭᠡ ᠰᠢᠷᠢᠰ ᠲᠤᠬᠢᠲᠠᠢ ᠠᠷᠭ᠎ᠠ | ᠬᠡᠮᠵᠢᠶ᠎ᠡ ᠠᠪᠤᠪᠠ᠃ ᠳᠡᠭᠡᠷ᠎ᠡ ᠬᠠᠭᠠᠰ ᠵᠢᠯ ᠳᠤ ᠪᠦᠬᠦ ᠲᠣᠭᠤᠷᠢᠭ ᠤᠨ ᠲᠠᠷᠢᠶᠠᠯᠠᠩ ᠤᠢ ᠰᠢᠭᠤᠢ ᠮᠠᠯ ᠠᠵᠤ ᠠᠬᠤᠢ | ᠵᠢᠭᠠᠰᠤᠨ ᠦᠢᠯᠡᠰ ᠤᠨ ᠶᠡᠷᠦᠩᠬᠡᠢ ᠦᠢᠯᠡᠳᠪᠦᠷᠢᠯᠡᠯ ᠤᠨ ᠥᠷᠲᠡᠭ 2.7 ᠳ᠋ᠦᠩᠰᠢᠭᠤᠷ ᠲᠦᠭᠦᠷᠢᠭ ᠬᠦᠷᠴᠦ᠂ | ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠃ ᠡᠨᠡ ᠬᠦ ᠬᠢᠯᠠᠯᠵᠠᠮ᠎ᠠ ᠥᠷ᠎ᠡ ᠪᠦᠲᠦᠭᠡᠯ ᠨᠢ | ᠬᠤᠩᠱᠠᠨ ᠲᠣᠭᠤᠷᠢᠭ ᠤᠨ ᠲᠠᠷᠢᠶᠠᠯᠠᠩ ᠦᠢᠯᠡᠳᠪᠦᠷᠢᠯᠡᠯ ᠤᠨ ᠰᠠᠶᠢᠨ ᠬᠠᠨᠳᠤᠰᠢ ᠶᠢ ᠭᠦᠢᠴᠡᠳ ᠢᠯᠡᠷᠡᠭᠦᠯᠪᠡ᠃ | ᠡᠭᠦᠨ ᠳᠤ ᠲᠠᠷᠢᠶᠠᠯᠠᠩ ᠤᠨ ᠶᠡᠷᠦᠩᠬᠡᠢ ᠦᠢᠯᠡᠳᠪᠦᠷᠢᠯᠡᠯ ᠤᠨ ᠥᠷᠲᠡᠭ 0.7 ᠳ᠋ᠦᠩᠰᠢᠭᠤᠷ ᠲᠥᠭᠦᠷᠢᠭ᠂ | ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠦᠢᠯᠡᠰ ᠤᠨ ᠶᠡᠷᠦᠩᠬᠡᠢ ᠦᠢᠯᠡᠳᠪᠦᠷᠢᠯᠡᠯ ᠤᠨ ᠥᠷᠲᠡᠭ ᠤᠨ | 28.2% ᠢ ᠡᠵᠡᠯᠡᠪᠡ᠃ ᠮᠠᠯᠵᠢᠯ ᠤᠨ ᠦᠢᠯᠡᠰ ᠤᠨ ᠶᠡᠷᠦᠩᠬᠡᠢ ᠦᠢᠯᠡᠳᠪᠦᠷᠢᠯᠡᠯ ᠤᠨ ᠥᠷᠲᠡᠭ 1.3 | ᠳ᠋ᠦᠩᠰᠢᠭᠤᠷ ᠲᠥᠭᠦᠷᠢᠭ᠂ ᠡᠵᠡᠯᠡᠬᠦ ᠬᠠᠷᠢᠴᠠᠯ ᠨᠢ 48.6% ᠶᠢ ᠳᠠᠪᠠᠪᠠ᠃ ᠡᠳᠡᠭᠡᠷ ᠲᠤᠭ᠎ᠠ ᠪᠠᠷᠢᠮᠲᠠ ᠶᠢᠨ | ᠠᠷᠤ ᠳᠤ ᠬᠤᠩᠱᠠᠨ ᠲᠣᠭᠤᠷᠢᠭ ᠤᠨ ᠲᠠᠷᠢᠶᠠᠯᠠᠩ ᠤᠨ ᠦᠢᠯᠡᠰ ᠤᠨ ᠴᠢᠨᠰᠠᠭ᠎ᠠ ᠰᠠᠶᠢᠲᠤ ᠬᠦᠭᠵᠢᠯᠲᠡ ᠶᠢᠨ | ᠲᠥᠯᠦᠭᠡᠨ ᠤ ᠤᠶᠢᠭ᠎ᠠ ᠦᠭᠡᠢ ᠴᠢᠷᠮᠠᠶᠢᠯᠭ᠎ᠠ᠂ ᠬᠥᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠤᠯᠭ᠎ᠠ ᠶᠢ ᠭᠦᠨᠵᠡᠭᠡᠢ ᠦᠢᠯᠡᠳᠦᠯᠭᠡᠵᠢᠭᠦᠯᠦᠭᠰᠡᠨ ᠳᠤ ᠪᠣᠢ᠃ | ᠠᠵᠤ ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠨᠡᠮᠡᠭᠳᠡᠪᠡ | ᠬᠤᠩᠱᠠᠨ ᠲᠣᠭᠤᠷᠢᠭ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠬᠦᠭᠵᠢᠭᠦᠯᠦᠯᠲᠡ ᠶᠢᠨ | ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠂ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ | ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠭᠡ ᠬᠦᠴᠦᠨ ᠢᠶᠠᠷ | ᠪᠤᠶᠢᠵᠢᠭᠤᠯᠬᠤ ᠪᠠ ᠬᠦᠭᠵᠢᠭᠦᠯᠪᠡ᠃ ᠳᠡᠭᠡᠷ᠎ᠡ ᠬᠠᠭᠠᠰ ᠵᠢᠯ ᠳᠤ ᠪᠦᠬᠦ ᠲᠤᠭᠤᠷᠢᠭ ᠤᠨ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ14.9% ᠪᠠᠷ | ᠨᠡᠮᠡᠭᠳᠡᠵᠦ᠂ ᠪᠦᠬᠦ ᠬᠤᠲᠠ ᠶᠢᠨ ᠡᠮᠦᠨ᠎ᠡ ᠭᠤᠷᠪᠠ ᠳᠤ ᠣᠷᠤᠪᠠ᠃ ᠦᠢᠯᠡᠳᠬᠦ ᠦᠢᠯᠡᠰ ᠪᠠ ᠴᠠᠬᠢᠯᠭᠠᠨ ᠢᠯᠴᠢ | ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠲᠤᠰᠪᠤᠷᠢ 17.2% ᠪᠠ 2. | 3% ᠪᠠᠷ ᠨᠡᠮᠡᠭᠳᠡᠪᠡ᠃ | | | ᠦᠢᠯᠡᠴᠢᠯᠡᠭᠡᠨ ᠤ ᠦᠢᠯᠡᠰ ᠤᠨ ᠬᠠᠨᠳᠤᠰᠢ ᠰᠠᠶᠢᠵᠢᠷᠠᠪᠠ | ᠬᠤᠩᠱᠠᠨ ᠲᠣᠭᠤᠷᠢᠭ ᠦᠢᠯᠡᠴᠢᠯᠡᠭᠡᠨ ᠤ ᠦᠢᠯᠡᠰ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠦᠢᠯᠡᠴᠢᠯᠡᠭᠡᠨ ᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠤᠨ᠂ | ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠰᠢᠰᠢᠲ᠋ᠧᠮ ᠢ ᠪᠦᠬᠦ ᠬᠦᠴᠦᠨ ᠢᠶᠠᠷ ᠲᠦᠷᠭᠡᠪᠴᠢᠯᠡᠨ ᠪᠠᠶᠢᠭᠤᠯᠪᠠ | ᠃ ᠳᠡᠭᠡᠷ᠎ᠡ ᠬᠠᠭᠠᠰ ᠵᠢᠯ ᠳᠤ ᠪᠦᠬᠦ ᠲᠤᠭᠤᠷᠢᠭ ᠤᠨ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 112 | ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠵᠦ᠂ ᠨᠢᠭᠡᠳᠦᠭᠡᠷ | ᠤᠯᠠᠷᠢᠯ ᠤᠨ ᠬᠢ ᠠᠴᠠ 3.6 ᠵᠠᠭᠤᠨ ᠤ ᠬᠤᠪᠢ ᠶᠢᠨ ᠴᠡᠭ ᠨᠡᠮᠡᠭᠳᠡᠪᠡ᠃ | | | ᠲᠤᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠲᠤᠭᠲᠠᠭᠤᠨ ᠨᠡᠮᠡᠭᠳᠡᠪᠡ | ᠳᠡᠭᠡᠷ᠎ᠡ ᠬᠠᠭᠠᠰ ᠵᠢᠯ ᠳᠤ ᠪᠦᠬᠦ ᠲᠤᠭᠤᠷᠢᠭ ᠤᠨ ᠲᠤᠭᠲᠠᠮᠠᠯ ᠬᠥᠷᠦᠩᠭᠡ ᠶᠢᠨ ᠪᠡᠯᠡ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 4.5% ᠨᠡᠮᠡᠭᠳᠡᠪᠡ᠃ ᠡᠨᠡ ᠬᠦ ᠨᠡᠮᠡᠭᠳᠡᠯ ᠤᠨ ᠬᠠᠨᠳᠤᠰᠢ ᠨᠢ ᠬᠤᠩᠱᠠᠨ | ᠲᠣᠭᠤᠷᠢᠭ ᠤᠨ ᠪᠡᠯᠡ ᠤᠷᠤᠭᠤᠯᠤᠯᠲᠠ ᠶᠢ ᠲᠣᠭᠲᠠᠭᠤᠨ ᠨᠡᠮᠡᠭᠳᠡᠭᠦᠯᠵᠦ᠂ ᠨᠡᠮᠡᠭᠳᠡᠯ ᠢ ᠠᠬᠢᠭᠤᠯᠬᠤ ᠲᠠᠯ᠎ᠠ ᠪᠠᠷ | ᠢᠳᠡᠪᠬᠢ ᠥᠷ᠎ᠡ ᠪᠥᠲᠦᠭᠡᠯ ᠭᠠᠷᠭᠠᠪᠠ᠃ | | | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠦᠷᠭᠦᠯᠵᠢᠯᠡᠨ ᠲᠤᠭᠲᠠᠪᠤᠷᠢ ᠲᠠᠢ | ᠬᠤᠩᠱᠠᠨ ᠲᠣᠭᠤᠷᠢᠭ ᠡᠳ᠋ ᠤᠨ ᠵᠠᠰᠠᠭ ᠤᠨ ᠬᠠᠮᠢᠶᠠᠷᠤᠯᠲᠠ ᠪᠣᠯᠤᠨ ᠠᠵᠤ ᠠᠬᠤᠢ ᠶᠢᠨ | ᠬᠦᠭᠵᠢᠭᠦᠯᠦᠯᠲᠡ ᠶᠢᠨ ᠲᠠᠯ᠎ᠠ ᠳᠤ ᠨᠠᠷᠢᠨ ᠬᠢᠨᠠᠮᠠᠭᠠᠢ ᠲᠥᠯᠦᠪᠵᠢᠭᠦᠯᠵᠦ ᠡᠳ᠋ ᠤᠨ ᠵᠠᠰᠠᠭ ᠤᠨ ᠪᠠᠶᠢᠭᠤᠯᠤᠮᠵᠢ ᠶᠢᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠬᠢᠨᠠᠯᠲᠠ ᠶᠢ ᠴᠢᠩᠭᠠᠳᠬᠠᠵᠤ᠂ ᠡᠳ᠋ ᠤᠨ | ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠪᠡᠯᠡ ᠮᠦᠩᠭᠦ ᠪᠣᠯᠭᠠᠨ ᠤ ᠥᠷ᠎ᠡ | ᠠᠰᠢᠭ ᠢ ᠬᠠᠮᠤᠭ ᠶᠡᠭᠡ ᠬᠡᠮᠵᠢᠶ᠎ᠡ ᠪᠠᠷ ᠪᠠᠳᠠᠷᠠᠭᠤᠯᠬᠤ ᠶᠢ ᠪᠠᠲᠤᠯᠠᠪᠠ᠃ | | | | | | | | | | | | | | | | | | | | | | | | | | | | | | | | | | | ᠁ |