ᠬᠤᠩᠱᠠᠨ ᠲᠣᠭᠤᠷᠢᠭ ︽ᠦᠵᠡᠰᠬᠦᠯᠡᠩᠲᠦ ᠬᠤᠩᠱᠠᠨ᠂  ᠵᠥᠪ ᠰᠠᠶᠢᠬᠠᠨ ᠢ ᠦᠪᠯᠡᠬᠦ︾ ᠤᠯᠠᠭᠠᠨᠬᠠᠳᠠ ᠶᠢᠨ ᠠᠩᠬᠠᠳᠤᠭᠠᠷ ᠬᠤᠭᠤᠴᠠᠭᠠᠨ ᠤ ᠤᠷᠤᠭ ᠬᠤᠷᠢᠮ ᠤᠨ ᠰᠤᠶᠤᠯ ᠤᠷᠠᠯᠢᠭ ᠤᠨ ᠨᠠᠶᠢᠷ ᠢ ᠵᠢᠩᠬᠢᠨᠢ ᠪᠠᠷ ᠡᠬᠢᠯᠡᠭᠦᠯᠵᠦ᠂ ︽ᠤᠷᠤᠭ ᠬᠤᠷᠢᠮ ᠤᠨ ᠰᠤᠶᠤᠯ ᠤᠨ ᠰᠠᠭᠤᠷᠢᠨ︾ ᠢ ᠴᠣᠭᠴᠠᠯᠠᠪᠠ
ᠨᠡᠶᠢᠲᠡᠯᠡᠭᠰᠡᠨ ᠴᠠᠭ᠄
2024/8/8
       ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠷᠤᠭ ᠭᠡᠷ ᠪᠦᠯᠢ ᠶᠢᠨ ᠰᠤᠶᠤᠯ ᠢ ᠤᠯᠠᠮᠵᠢᠯᠠᠨ ᠵᠠᠯᠭᠠᠮᠵᠢᠯᠠᠵᠤ᠂ ᠣᠯᠠᠨ ᠲᠥᠮᠡᠨ ᠤ ︽ᠭᠡᠷ ᠪᠦᠯᠢ ᠶᠢᠨ ᠬᠥᠮᠦᠵᠢᠯ ᠢ ᠴᠢᠬᠤᠯᠠᠴᠢᠯᠠᠨ᠂ ᠭᠡᠷ ᠤᠨ ᠰᠤᠷᠲᠠᠯ ᠢ ᠡᠷᠬᠢᠮᠯᠡᠬᠦ︾ ᠤᠬᠠᠮᠰᠠᠷ ᠢ ᠴᠢᠩᠭᠠᠳᠬᠠᠵᠤ᠂ ᠤᠷᠤᠭ ᠬᠤᠷᠢᠮ ᠤᠨ ᠵᠥᠪ ᠰᠤᠷᠲᠠᠯ ᠢ ᠠᠬᠢᠭᠤᠯᠵᠤ᠂ ᠡᠯ᠎ᠡ ᠦᠨᠳᠦᠰᠦᠲᠡᠨ ᠤ ᠠᠳᠠᠯᠢ ᠪᠤᠰᠤ ᠤᠷᠤᠭ ᠬᠤᠷᠢᠮ ᠤᠨ ᠶᠣᠰᠣ ᠵᠠᠩᠰᠢᠯ ᠢᠶᠠᠷ ᠭᠠᠷᠳᠠᠴᠠ ᠪᠣᠯᠭᠠᠨ᠂ ᠡᠯ᠎ᠡ ᠦᠨᠳᠦᠰᠦᠲᠡᠨ ᠤ ᠬᠠᠷᠢᠯᠴᠠᠨ ᠤᠶᠢᠯᠠᠭᠠᠯᠴᠠᠵᠤ ᠰᠤᠯᠢᠯᠴᠠᠬᠤ ᠶᠢ ᠠᠬᠢᠭᠤᠯᠬᠤ ᠶᠢᠨ ᠲᠥᠯᠦᠭᠡ ᠬᠤᠩᠱᠠᠨ ᠲᠣᠭᠤᠷᠢᠭ ᠤᠯᠠᠭᠠᠨᠬᠠᠳᠠ ᠤᠷᠤᠭ ᠬᠤᠷᠢᠮ ᠤᠨ ᠴᠡᠴᠡᠷᠯᠢᠭ ᠢᠶᠠᠷ ᠤᠷᠤᠭ ᠬᠤᠷᠢᠮ ᠤᠨ ᠦᠭᠡᠷᠡᠴᠢᠯᠡᠯᠲᠡ ᠶᠢᠨ ᠭᠤᠣᠯ ᠰᠠᠭᠤᠷᠢᠨ ᠭᠠᠵᠠᠷ ᠪᠣᠯᠭᠠᠵᠤ᠂  ᠣᠷᠤᠭ ᠭᠡᠷ ᠪᠥᠯᠢ ᠶᠢᠨ ᠶᠡᠷᠦ ᠶᠢᠨ ᠮᠡᠳᠡᠯᠭᠡ ᠶᠢ ᠲᠥᠭᠡᠮᠡᠯᠵᠢᠭᠦᠯᠵᠦ  ᠣᠷᠤᠭ ᠬᠤᠷᠢᠮ ᠳᠤ ᠬᠦᠭ ᠨᠡᠮᠡᠷᠢᠯᠡᠬᠦ ᠨᠠᠷᠭᠢᠶ᠎ᠠ᠂ ᠬᠠᠮᠲᠤ ᠶᠢᠨ ᠬᠤᠷᠢᠮ ᠵᠡᠷᠭᠡ ᠬᠡᠯᠪᠡᠷᠢ ᠪᠠᠷ ᠬᠠᠮᠲᠤ ᠶᠢᠨ ᠬᠤᠷᠢᠮ ᠳᠤ ᠣᠷᠤᠯᠴᠠᠭᠰᠠᠨ ᠰᠢᠨ᠎ᠡ ᠬᠤᠤᠰ ᠤᠳ ᠲᠤ ᠯᠤᠤ ᠭᠠᠷᠤᠳᠢ ᠶᠢᠨ ᠳᠤᠷᠠᠰᠬᠠᠯᠲᠤ ᠪᠤᠳᠠᠰ ᠲᠥᠯᠦᠪᠦᠷᠢ ᠦᠭᠡᠢ ᠪᠠᠷ ᠬᠦᠷᠭᠡᠵᠦ᠂  ᠬᠤᠷᠢᠮ ᠤᠨ ᠬᠤᠪᠴᠠᠰᠤ ᠵᠠᠰᠠᠯ᠂ ᠰᠡᠭᠦᠳᠡᠷ ᠰᠢᠩᠭᠡᠭᠡᠯᠲᠡ᠂ ᠳᠠᠭᠤᠴᠢᠨ᠂ ᠬᠦᠭᠵᠢᠮᠴᠢᠨ ᠲᠥᠯᠦᠪᠦᠷᠢ ᠦᠭᠡᠢ ᠬᠠᠩᠭᠠᠵᠤ᠂  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠴᠣᠭᠴᠠᠯᠠᠵᠤ᠂ ᠡᠷᠬᠡ ᠲᠡᠭᠰᠢ᠂ ᠡᠶ᠎ᠡ ᠵᠤᠬᠢᠴᠠᠯᠲᠤ᠂ ᠪᠣᠯᠪᠠᠰᠤᠨ ᠨᠡᠶᠢᠭᠡᠮ ᠵᠢᠷᠦᠮᠲᠦ ᠭᠡᠷ ᠪᠥᠯᠢ ᠶᠢᠨ ᠪᠣᠯᠪᠠᠰᠤᠨ ᠰᠤᠷᠲᠠᠯ ᠢ ᠤᠷᠢᠶᠠᠯᠠᠨ᠂ ᠤᠯᠠᠨ ᠲᠥᠮᠡᠨ ᠢ ᠬᠦᠲᠦᠯᠦᠨ ᠤᠷᠤᠭ ᠬᠤᠷᠢᠮ ᠤᠨ ᠪᠣᠯᠬᠢ ᠰᠤᠷᠲᠠᠯ ᠢ ᠤᠭᠤᠷᠴᠤ᠂ ᠪᠣᠯᠪᠠᠰᠤᠨ ᠪᠤᠰᠤ ᠵᠦᠢᠯᠡᠰ ᠢ ᠬᠠᠯᠠᠨ ᠰᠠᠶᠢᠵᠢᠷᠠᠭᠤᠯᠬᠤ ᠶᠢ ᠤᠷᠢᠶᠠᠯᠠᠵᠤ᠂  ᠪᠣᠯᠪᠠᠰᠤᠨ᠂ ᠠᠷᠪᠢᠴᠢ ᠪᠣᠷᠤᠭᠵᠢᠭᠤᠨ᠂ ᠡᠷᠡᠭᠦᠯ ᠥᠭᠡᠳᠡᠷᠬᠡᠭ ᠣᠷᠤᠭ ᠬᠤᠷᠢᠮ ᠤᠨ ᠰᠢᠨ᠎ᠡ ᠰᠤᠷᠲᠠᠯ ᠢ ᠰᠠᠨᠠᠭᠠᠴᠢᠯᠠᠨ ᠲᠥᠯᠦᠪᠰᠢᠭᠦᠯᠪᠡ᠃ ᠲᠤᠰ ᠠᠵᠢᠯᠯᠠᠭᠠᠨ ᠨᠢ ᠤᠳᠤᠬᠠᠨ ᠳᠤ ᠶᠠᠭ ᠰᠠᠶᠢᠬᠠᠨ ᠶᠠᠪᠤᠭᠳᠠᠵᠤ ᠪᠤᠢ᠂ ᠨᠡᠷ᠎ᠡ ᠮᠡᠳᠡᠭᠦᠯᠵᠦ ᠳᠠᠭᠤᠰᠬᠤ ᠪᠣᠯᠲᠠᠯ᠎ᠠ ᠤᠩᠰᠢᠭᠰᠠᠳ ᠤᠨ ᠲᠤᠭ᠎ᠠ 17353 ᠬᠥᠮᠦᠨ ᠤᠳᠠᠭ᠎ᠠ ᠬᠦᠷᠴᠦ᠂ 36 ᠬᠤᠤᠰ ᠨᠡᠷ᠎ᠡ ᠮᠡᠳᠡᠭᠦᠯᠪᠡ᠃
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号