ᠬᠤᠩᠱᠠᠨ ᠲᠣᠭᠤᠷᠢᠭ ᠵᠢᠩ ᠶᠢᠨ ᠵᠢᠢ ᠶᠢᠨ ᠬᠦᠭᠵᠢᠭᠦᠯᠦᠯᠲᠡ ᠶᠢᠨ ᠪᠠᠶᠢᠯᠳᠤᠬᠤ ᠪᠣᠳᠣᠯᠭ᠎ᠠ ᠶᠢᠨ ᠶᠡᠭᠡ ᠬᠠᠨᠳᠤᠰᠢ ᠳᠤ ᠢᠳᠡᠪᠬᠢᠲᠡᠢ ᠠᠭᠤᠰᠤᠯᠴᠠᠨ᠂ ᠬᠦᠭᠵᠢᠯᠲᠡ ᠶᠢᠨ ᠰᠢᠨ᠎ᠡ ᠳᠦᠷᠢ ᠪᠠᠶᠢᠳᠠᠯ ᠢ ᠨᠡᠭᠡᠭᠡᠪᠡ
ᠨᠡᠶᠢᠲᠡᠯᠡᠭᠰᠡᠨ ᠴᠠᠭ᠄
2024/9/14
                       ᠬᠤᠩᠱᠠᠨ ᠲᠣᠭᠤᠷᠢᠭ ︽ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠩ  ᠶᠢᠨ ᠵᠢᠢ ᠶᠢᠨ ᠬᠠᠮᠵᠢᠯᠴᠠᠨ ᠬᠦᠭᠵᠢᠬᠦ ᠶᠢ ᠢᠳᠡᠪᠬᠢᠲᠡᠢ ᠵᠣᠯᠭᠠᠯᠴᠠᠭᠤᠯᠬᠤ ᠲᠤᠬᠠᠢ ᠰᠠᠨᠠᠯ︾  ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠦᠢᠯᠡᠰ ᠢ ᠰᠢᠯᠵᠢᠭᠦᠯᠬᠦ ᠶᠢ ᠵᠤᠯᠭᠠᠯᠴᠠᠭᠤᠯᠬᠤ᠂ ᠣᠷᠣᠨ ᠬᠡᠴᠡ ᠶᠢᠨ ᠰᠤᠯᠢᠯᠴᠠᠭ᠎ᠠ ᠨᠡᠪᠲᠡᠷᠡᠯᠴᠡᠭᠡ ᠬᠠᠮᠵᠢᠯᠴᠠᠭ᠎ᠠ ᠵᠡᠷᠭᠡ ᠲᠠᠯ᠎ᠠ ᠳᠤ ᠦᠷᠭᠦᠯᠵᠢᠯᠡᠨ ᠬᠦᠴᠦᠯᠡᠵᠦ᠂ ᠱᠠᠲᠤᠴᠢ ᠴᠢᠨᠠᠷᠲᠠᠢ ᠠᠬᠢᠯᠲᠠ ᠲᠠᠢ ᠪᠣᠯᠪᠠ᠃        ᠨᠢᠭᠡ ᠳᠤ 6 ᠰᠠᠷ᠎ᠠ ᠶᠢᠨ 21 ᠤ ᠡᠳᠦᠷ ᠠᠴᠠ ᠨᠠᠰᠢ ᠪᠦᠬᠦ ᠲᠤᠭᠤᠷᠢᠭ ᠤᠨ ᠡᠯ᠎ᠡ ᠠᠵᠤ ᠦᠢᠯᠡᠰ ᠤᠨ ᠬᠡᠯᠬᠢᠶᠡᠨ ᠤ ᠳᠠᠷᠤᠭ᠎ᠠ᠂ ᠡᠯ᠎ᠡ ᠬᠠᠮᠢᠶ᠎ᠠ ᠪᠥᠬᠦᠢ ᠰᠠᠯᠠᠭ᠎ᠠ ᠮᠦᠴᠢᠷ ᠬᠠᠮᠲᠤᠪᠡᠷ ᠵᠢᠩ ᠶᠢᠨ ᠵᠢᠢ ᠳᠤ ᠬᠦᠷᠴᠦ 8 ᠤᠳᠠᠭ᠎ᠠ ᠠᠷᠠᠯᠵᠢᠶᠠᠴᠢᠨ ᠤᠷᠢᠵᠤ᠂ ᠶᠤᠸᠠᠢ ᠺᠠᠩ ᠡᠮ ᠤᠨ ᠦᠢᠯᠡᠰ ᠤᠨ ᠪᠦᠯᠦᠭᠯᠡᠯ ᠤᠨ ᠬᠤᠪᠢᠴᠠᠭᠠᠲᠤ ᠬᠢᠵᠠᠭᠠᠷᠲᠤ ᠺᠤᠮᠫᠠᠨᠢ᠂ ᠪᠡᠭᠡᠵᠢᠩ ᠤᠨ ᠺᠠᠢ ᠪᠦᠸᠧ ᠲᠥᠩ ᠪᠡᠯᠡ ᠣᠷᠣᠭᠤᠯᠤᠯᠲᠠ ᠶᠢᠨ ᠬᠢᠵᠠᠭᠠᠷᠲᠤ ᠺᠤᠮᠫᠠᠨᠢ᠂ ᠡᠾᠧᠪᠸᠢ ᠶᠢᠨ ᠡᠾᠦ᠋ᠢ ᠶᠤᠸᠠᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠤᠮᠫᠠᠨᠢ᠂ ᠪᠡᠭᠡᠵᠢᠩ ᠤᠨ ᠴᠠᠩ ᠮᠦ ᠭᠦ᠋ ᠡᠮᠴᠢᠯᠡᠭᠡᠨ ᠤ ᠰᠢᠨᠵᠢᠯᠡᠭᠡ ᠮᠡᠷᠭᠡᠵᠢᠯ ᠤᠨ ᠺᠤᠮᠫᠠᠨᠢ᠂ ᠵᠦᠩ ᠭᠠᠢ ᠵᠠᠭᠤᠴᠢᠯᠠᠭᠤᠷ ᠤᠨ ᠺᠤᠮᠫᠠᠨᠢ ᠵᠡᠷᠭᠡ ᠲᠡᠷᠢᠭᠦᠨ ᠤ ᠠᠵᠤ ᠠᠬᠤᠶᠢᠯᠠᠯ  ᠲᠠᠢ ᠵᠤᠯᠭᠠᠯᠴᠠᠭᠤᠯᠵᠤ᠂ ᠳᠡᠭᠡᠳᠦ ᠳᠡᠰ ᠤᠨ ᠨᠠᠶᠢᠷᠠᠯᠭ᠎ᠠ ᠶᠢᠨ ᠡᠮ ᠪᠠ ᠤᠭ ᠮᠠᠲ᠋ᠧᠷᠢᠶᠠᠯ ᠤᠨ ᠡᠮ᠂ ᠭᠠᠯ ᠰᠡᠷᠭᠡᠶᠢᠯᠡᠬᠦ ᠬᠠᠪᠲᠠᠰᠤ ᠵᠡᠷᠭᠡ ᠠᠷᠪᠠᠨ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠᠷ ᠲᠥᠯᠦᠪᠯᠡᠪᠡ᠃ 8 ᠰᠠᠷ᠎ᠠ ᠶᠢᠨ 25 ᠤ ᠡᠳᠦᠷ ᠠᠴᠠ 26 ᠤ ᠡᠳᠦᠷ ᠪᠤᠯᠲᠠᠯ᠎ᠠ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠠᠨ ᠢᠩ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠠᠷᠠᠯᠵᠢᠶᠠᠴᠢᠨ ᠤᠷᠢᠵᠤ ᠪᠡᠯᠡ ᠲᠠᠲᠠᠨ᠂ ᠪᠡᠭᠡᠵᠢᠩ ᠤᠨ ᠴᠠᠩ ᠮᠦ ᠭᠦ᠋ ᠡᠮᠴᠢᠯᠡᠭᠡᠨ ᠤ ᠰᠢᠨᠵᠢᠯᠡᠭᠡ ᠮᠡᠷᠭᠡᠵᠢᠯ ᠤᠨ ᠺᠤᠮᠫᠠᠨᠢ᠂ ᠴᠢᠩ ᠬᠠᠩ ᠽᠢ ᠵᠢᠩ ᠲᠦᠬᠦᠭᠡᠷᠦᠮᠵᠢ ᠶᠢᠨ ᠰᠢᠨᠵᠢᠯᠡᠭᠡ ᠮᠡᠷᠭᠡᠵᠢᠯ ᠤᠨ ᠺᠤᠮᠫᠠᠨᠢ᠂ ᠳᠤᠮᠳᠠᠳᠤ ᠤᠯᠤᠰ ᠤᠨ ᠳᠤᠮᠳᠠᠳᠤ ᠪᠠᠭ᠎ᠠ ᠠᠵᠤ ᠠᠬᠤᠶᠢᠯᠠᠯ ᠤᠨ ᠨᠡᠶᠢᠭᠡᠮᠯᠢᠭ᠂ ᠨᠦᠸᠧ ᠺᠠᠩ ᠳ᠋ᠠ ᠡᠮ ᠡᠮᠨᠡᠯᠭᠡ ᠶᠢᠨ ᠰᠢᠨᠵᠢᠯᠡᠭᠡ ᠮᠡᠷᠭᠡᠵᠢᠯ ᠤᠨ ᠺᠤᠮᠫᠠᠨᠢ᠂ ᠰᠢᠨᠬᠤᠸᠠ ᠤᠰᠤᠨ ᠬᠦᠴᠦᠨ ᠢᠶᠠᠷ ᠴᠠᠬᠢᠯᠭᠠᠨ ᠭᠠᠷᠭᠠᠬᠤ ᠺᠤᠮᠫᠠᠨᠢ᠂ ᠣᠯᠠᠨ ᠤᠯᠤᠰ ᠤᠨ ᠠᠺᠠᠳᠧᠮᠢ ᠶᠢᠨ ᠬᠤᠯᠪᠤᠭᠠᠲᠤ ᠴᠤᠭᠴᠠ᠂ ᠳᠤᠮᠳᠠᠳᠤ ᠤᠯᠤᠰ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠰᠣᠨᠢᠨ ᠤ ᠬᠤᠷᠢᠶ᠎ᠠ ᠵᠡᠷᠭᠡ ᠠᠵᠤ ᠠᠬᠤᠶᠢᠯᠠᠯ ᠪᠠᠶᠢᠭᠤᠯᠭ᠎ᠠ ᠨᠢᠭᠡᠴᠡ ᠳᠤ ᠲᠤᠰᠪᠤᠷᠢ ᠪᠤᠳᠠᠲᠤ ᠭᠠᠵᠠᠷ ᠲᠤ ᠨᠢ ᠰᠤᠷᠪᠤᠯᠵᠢᠯᠠᠵᠤ᠂ ᠲᠦᠷᠦᠯ ᠵᠦᠢᠯ ᠢ ᠵᠦᠪᠳᠡᠨ ᠶᠠᠷᠢᠯᠴᠠᠬᠤ ᠶᠢᠨ ᠬᠠᠮᠲᠤ ᠵᠦᠩ ᠭᠠᠢ ᠵᠠᠭᠤᠴᠢᠯᠠᠭᠤᠷ ᠤᠨ ᠺᠤᠮᠫᠠᠨᠢ ᠲᠠᠢ 25  ᠳ᠋ᠦᠩᠰᠢᠭᠤᠷ ᠲᠦᠭᠦᠷᠢᠭ ᠤᠨ ᠬᠦᠢᠲᠡᠨ ᠬᠡᠯᠬᠢᠶᠡᠨ ᠤ ᠪᠠᠷᠠᠭᠠᠨ ᠭᠦᠢᠯᠭᠡᠭᠡᠨ ᠤ ᠬᠦᠷᠢᠶᠡᠯᠡᠩ ᠤᠨ ᠲᠦᠷᠦᠯ ᠵᠦᠢᠯ ᠤᠨ ᠲᠤᠮᠤ ᠠᠷᠠᠯᠵᠢᠶ᠎ᠠ ᠲᠤᠭᠲᠠᠵᠠᠢ᠃        ᠬᠤᠶᠠᠷ ᠲᠤ ᠪᠡᠭᠡᠵᠢᠩ ᠤᠨ ᠲᠤᠷᠰᠢᠯᠲᠠ ᠶᠢᠨ ᠰᠤᠷᠭᠠᠭᠤᠯᠢ ᠮᠸᠢ ᠯᠢ ᠰᠤᠷᠭᠠᠨ ᠬᠦᠮᠦᠵᠢᠯ ᠤᠨ ᠪᠦᠯᠦᠭᠯᠡᠯ  ᠲᠠᠢ ᠬᠠᠮᠵᠢᠯᠴᠠᠨ ᠰᠤᠷᠭᠠᠭᠤᠯᠢ ᠪᠠᠶᠢᠭᠤᠯᠬᠤ ᠬᠡᠯᠡᠯᠴᠡᠭᠡᠷ ᠲᠤᠭᠲᠠᠵᠤ᠂  ︽ᠤᠯᠠᠭᠠᠨᠬᠠᠳᠠ ᠶᠢᠨ ᠽᠧᠩ ᠵᠢᠶᠦ᠋ᠨ ᠯᠢᠶᠠᠩ ᠲᠤᠷᠰᠢᠯᠲᠠ ᠶᠢᠨ ᠰᠤᠷᠭᠠᠭᠤᠯᠢ︾ ᠶᠢ ᠪᠠᠶᠢᠭᠤᠯᠵᠤ᠂ ᠤᠯᠠᠭᠠᠨᠬᠠᠳᠠ ᠶᠢᠨ ᠳᠦᠷᠪᠡᠳᠦᠭᠡᠷ ᠳᠤᠮᠳᠠᠳᠤ ᠰᠤᠷᠭᠠᠭᠤᠯᠢ ᠶᠢᠨ ᠬᠦᠭᠦᠷᠭᠡᠨ ᠬᠤᠶᠢᠲᠤᠬᠢ ᠰᠢᠨ᠎ᠡ ᠰᠤᠷᠭᠠᠭᠤᠯᠢ ᠶᠢᠨ ᠠᠯᠪᠠᠯᠠᠬᠤ ᠰᠢᠨᠵᠢ ᠴᠢᠨᠠᠷ ᠢ ᠬᠤᠪᠢᠷᠠᠭᠠᠬᠤ ᠦᠭᠡᠢ ᠰᠠᠭᠤᠷᠢᠨ ᠳᠡᠭᠡᠷ᠎ᠡ᠂ ᠪᠦᠯᠦᠭᠯᠡᠯ ᠤᠨ ᠰᠢᠯᠢᠳᠡᠭ ᠰᠤᠷᠭᠠᠨ ᠬᠦᠮᠦᠵᠢᠯ ᠤᠨ ᠡᠬᠢ ᠪᠠᠶᠠᠯᠢᠭ ᠢ ᠬᠠᠮᠲᠤᠪᠡᠷ ᠡᠳ᠋ᠯᠡᠬᠦ ᠪᠠᠷ ᠳᠠᠮᠵᠢᠨ᠂ ᠪᠡᠭᠡᠵᠢᠩ ᠤᠨ ᠲᠡᠷᠢᠭᠦᠨ ᠤ ᠰᠤᠷᠭᠠᠨ ᠬᠦᠮᠦᠵᠢᠯ ᠤᠨ ᠤᠶᠢᠯᠠᠭᠠᠭᠳᠠᠬᠤᠨ ᠪᠠ ᠬᠤᠩᠱᠠᠨ ᠲᠤᠭᠤᠷᠢᠭ ᠤᠨ ᠰᠤᠷᠭᠠᠨ ᠬᠦᠮᠦᠵᠢᠯ ᠤᠨ ᠪᠤᠲᠠᠲᠠᠢ ᠲᠠᠢ ᠤᠶᠠᠯᠳᠤᠭᠤᠯᠪᠠ᠃ ᠡᠭᠦᠨ ᠤ ᠬᠠᠮᠲᠤ ᠪᠡᠭᠡᠵᠢᠩ ᠤᠨ ᠭᠠᠳᠠᠭᠠᠳᠤ ᠬᠡᠯᠡᠨ ᠤ ᠶᠡᠭᠡ ᠰᠤᠷᠭᠠᠭᠤᠯᠢ ᠲᠠᠢ ᠬᠠᠮᠵᠢᠯᠴᠠᠭᠠᠨ ᠤ ᠬᠡᠯᠡᠯᠴᠡᠭᠡᠷ ᠲᠤᠭᠲᠠᠵᠤ᠂ ᠪᠡᠭᠡᠵᠢᠩ ᠤᠨ ᠭᠠᠳᠠᠭᠠᠳᠤ ᠬᠡᠯᠡᠨ ᠤ ᠶᠡᠭᠡ ᠰᠤᠷᠭᠠᠭᠤᠯᠢ ᠶᠠᠫᠤᠨ ᠬᠡᠯᠡ᠂ ᠤᠷᠤᠰ ᠬᠡᠯᠡᠨ ᠤ ᠪᠠᠭᠰᠢ ᠲᠤᠬᠢᠷᠠᠭᠤᠯᠤᠨ ᠬᠤᠩᠱᠠᠨ ᠲᠤᠭᠤᠷᠢᠭ ᠤᠨ ᠡᠩ ᠤᠨ ᠦᠨᠳᠦᠷ ᠳᠤᠮᠳᠠᠳᠤ ᠳᠤ ᠪᠠᠭᠰᠢᠯᠠᠭᠤᠯᠵᠤ᠂ ᠬᠤᠩᠱᠠᠨ ᠲᠤᠭᠤᠷᠢᠭ ᠤᠨ ᠪᠠᠭ᠎ᠠ ᠰᠤᠷᠭᠠᠭᠤᠯᠢ᠂ ᠠᠩᠬ᠎ᠠ ᠳᠤᠮᠳᠠᠳᠤ᠂ ᠦᠨᠳᠦᠷ ᠳᠤᠮᠳᠠᠳᠤ ᠭᠤᠷᠪᠠᠨ ᠱᠠᠲᠤᠨ ᠳᠤ ᠠᠩᠭ᠍ᠯᠢ ᠬᠡᠯᠡᠨ ᠤ ᠪᠠᠭᠰᠢ ᠬᠠᠩᠭᠠᠵᠤ ᠲᠤᠰᠬᠠᠢ ᠰᠡᠳᠦᠪᠲᠦ ᠪᠣᠯᠪᠠᠰᠤᠷᠠᠭᠤᠯᠤᠯ ᠬᠢᠪᠡ᠃ ᠤᠳᠤᠬᠠᠨ ᠪᠣᠯᠲᠠᠯ᠎ᠠ ᠤᠯᠠᠭᠠᠨᠬᠠᠳᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠳᠤ ᠶᠠᠫᠤᠨ ᠬᠡᠯᠡ᠂ ᠤᠷᠤᠰ ᠬᠡᠯᠡᠨ ᠤ ᠭᠤᠷᠪᠠᠨ ᠠᠩᠭᠢ ᠲᠤᠬᠢᠷᠠᠭᠤᠯᠵᠤ᠂ 70  ᠭᠠᠷᠤᠢ ᠰᠤᠷᠤᠭᠴᠢ ᠬᠢᠴᠢᠶᠡᠯᠯᠡᠵᠦ ᠪᠤᠢ᠃        ᠭᠤᠷᠪᠠ ᠳᠤ ᠪᠡᠭᠡᠵᠢᠩ ᠶᠡᠭᠡ ᠰᠤᠷᠭᠠᠭᠤᠯᠢ ᠶᠢᠨ ᠳ᠋ᠤᠸᠠᠨ ᠡᠾᠦ᠋ᠢ ᠯᠢᠩ ᠳ᠋ᠤᠺᠲ᠋ᠤᠷ᠂ ᠴᠢᠩᠬᠤᠸᠠ ᠶᠡᠭᠡ ᠰᠤᠷᠭᠠᠭᠤᠯᠢ ᠶᠢᠨ ᠯᠢ ᠺᠧ ᠴᠢᠶᠠᠩ ᠠᠺᠠᠳᠧᠮᠢ᠂  ᠪᠡᠭᠡᠵᠢᠩ ᠤᠨ ᠨᠦᠸᠧ ᠺᠠᠩ ᠳ᠋ᠠ ᠶᠢᠨ ᠲᠤᠤ ᠱᠢᠦ ᠮᠸᠢ ᠳ᠋ᠤᠺᠲ᠋ᠤᠷ ᠵᠡᠷᠭᠡ ᠰᠢᠨ᠎ᠡ ᠶᠢ ᠡᠭᠦᠳᠬᠦ ᠡᠬᠢ ᠪᠠᠶᠠᠯᠢᠭ ᠲᠠᠢ ᠨᠡᠪᠲᠡᠷᠡᠯᠴᠡᠵᠦ ᠵᠤᠯᠭᠠᠯᠴᠠᠭᠤᠯᠤᠨ᠂  ᠠᠵᠤ ᠠᠬᠤᠶᠢᠯᠠᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤ ᠨᠢ ᠬᠤᠷᠢᠶᠠᠩᠭᠤᠶᠢᠯᠠᠵᠤ ᠳ᠋ᠦᠩᠨᠡᠨ᠂ ᠡᠬᠢ ᠪᠠᠶᠠᠯᠢᠭ ᠢ ᠠᠬᠢᠭᠤᠯᠬᠤ ᠠᠵᠤ ᠠᠬᠤᠶᠢᠯᠠᠯ ᠬᠤᠯᠪᠤᠭᠠᠯᠠᠨ ᠮᠡᠷᠭᠡᠵᠢᠯ ᠤᠨ ᠰᠢᠪᠲᠤᠯᠤᠯᠲᠠ ᠬᠢᠬᠦ ᠶᠢ ᠵᠤᠯᠭᠠᠯᠴᠠᠭᠤᠯᠵᠤ᠂  ᠰᠢᠯᠢᠳᠡᠭ ᠰᠢᠨ᠎ᠡ ᠶᠢ ᠡᠭᠦᠳᠦᠯᠲᠡ ᠵᠢᠴᠢ ᠥᠷ᠎ᠡ ᠪᠦᠲᠦᠭᠡᠯ ᠢ ᠰᠤᠩᠭᠤᠵᠤ᠂  ︽ᠮᠧᠩ ᠺᠧ ᠵᠢᠦᠢ︾ ᠲᠤᠰᠬᠠᠢ ᠰᠡᠳᠦᠪᠲᠦ ᠨᠡᠶᠢᠲᠡᠯᠡᠯᠲᠡ ᠶᠢᠨ ᠬᠤᠷᠠᠯ ᠬᠢᠵᠦ᠂ ᠠᠵᠤ ᠠᠬᠤᠶᠢᠯᠠᠯ ᠤᠨ ᠮᠡᠷᠭᠡᠵᠢᠯ ᠵᠢᠴᠢ ᠦᠷ᠎ᠡ ᠪᠦᠲᠦᠭᠡᠯ ᠢ ᠲᠦᠭᠡᠮᠡᠯᠵᠢᠭᠦᠯᠬᠦ ᠳᠤ ᠬᠦᠴᠦᠨ ᠵᠢᠳᠬᠦᠯ ᠦᠵᠡᠭᠦᠯᠪᠡ᠃  ᠠᠨ ᠺᠤᠸᠠᠢ ᠲᠤᠭᠠᠴᠠᠯ ᠤᠨ ᠠᠵᠤ ᠦᠢᠯᠡᠰ ᠤᠨ ᠰᠠᠭᠤᠷᠢᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂  ᠭᠤᠤᠯᠳᠠᠭᠤ ᠲᠤᠭᠠᠴᠠᠯ ᠤᠨ ᠰᠢᠨ᠎ᠡ ᠶᠢ ᠡᠭᠦᠳᠬᠦ᠂ ᠶᠡᠭᠡ ᠳ᠋ᠠᠶᠢᠲ᠋ᠠ᠂ ᠡᠭᠦᠯᠡᠨ ᠪᠣᠳᠣᠯᠲᠠ᠂ ᠤᠶᠤᠨᠴᠢ ᠴᠢᠳᠠᠮᠵᠢ᠂ 5G ᠭᠤᠤᠯᠯᠠᠭᠴᠢ ᠲᠤᠭᠠᠴᠠᠯ ᠤᠨ ᠮᠡᠷᠭᠡᠵᠢᠯ ᠵᠡᠷᠭᠡ ᠬᠦᠷᠢᠶ᠎ᠡ ᠬᠡᠪᠴᠢᠶᠡᠨ ᠳᠤ ᠰᠢᠨ᠎ᠡ ᠶᠢ ᠡᠭᠦᠳᠬᠦ ᠦᠢᠯᠡᠰ ᠪᠦᠲᠦᠭᠡᠬᠦ ᠦᠢᠯᠡᠴᠢᠯᠡᠭᠡ ᠦᠷᠨᠢᠭᠦᠯᠪᠡ᠃ ᠤᠳᠤᠬᠠᠨ ᠪᠣᠯᠲᠠᠯ᠎ᠠ ᠰᠠᠭᠤᠷᠢᠨ ᠭᠠᠵᠠᠷ ᠲᠤ 56 ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂  ᠡᠭᠦᠨ ᠳᠤ 6 ᠠᠵᠤ ᠠᠬᠤᠶᠢᠯᠠᠯ ᠤᠷᠤᠵᠤ ᠰᠠᠭᠤᠷᠢᠰᠢᠨ᠂  540 ᠬᠦᠮᠦᠨ ᠤ  ᠠᠵᠢᠯ ᠣᠯᠭᠤᠯᠲᠠ ᠶᠢ ᠳᠠᠶᠢᠴᠢᠯᠠᠵᠤ᠂  ᠠᠷᠪᠠᠨ ᠲᠠᠯᠠᠪᠠᠢ ᠰᠢᠨ᠎ᠡ ᠶᠢ ᠡᠭᠦᠳᠴᠦ ᠦᠢᠯᠡᠰ ᠪᠤᠰᠬᠠᠬᠤ ᠠᠵᠢᠯᠯᠠᠭᠠᠨ ᠡᠷᠬᠢᠯᠡᠵᠦ ᠂  ᠨᠡᠶᠢᠲᠡ 500  ᠭᠠᠷᠤᠢ ᠠᠵᠤ ᠠᠬᠤᠶᠢᠯᠠᠯ ᠳᠤ ᠦᠢᠯᠡᠴᠢᠯᠡᠪᠡ᠃ ᠤᠳᠤ ᠪᠡᠭᠡᠵᠢᠩ ᠤᠨ ᠵᠢᠶᠠ ᠵᠢᠶᠧ ᠨᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠦ᠋ᠲᠴᠢᠯᠠᠭᠰᠠᠨ ᠰᠤᠳᠤᠯᠭᠠᠨ ᠤ ᠬᠦᠷᠢᠶᠡᠯᠡᠩ᠂ ᠵᠦᠩ ᠷᠦᠩ ᠲᠤᠭᠠᠴᠠᠯ᠂ ᠪᠡᠭᠡᠵᠢᠩ ᠤᠨ 360 ᠺᠤᠮᠫᠠᠨᠢ ᠵᠡᠷᠭᠡ  4  ᠠᠵᠤ ᠠᠬᠤᠶᠢᠯᠠᠯ ᠪᠠ ᠪᠠᠶᠢᠭᠤᠯᠤᠮᠵᠢ ᠲᠠᠢ ᠲᠤᠭᠠᠴᠠᠵᠢᠭᠰᠠᠨ ᠤᠶᠤᠨᠴᠢ ᠠᠵᠤ ᠦᠢᠯᠡᠰ ᠤᠨ ᠰᠢᠨ᠎ᠡ ᠶᠢ ᠡᠭᠦᠳᠬᠦ ᠰᠠᠭᠤᠷᠢᠨ ᠤ ᠤᠴᠢᠷ ᠶᠠᠪᠤᠳᠠᠯ ᠤᠨ ᠲᠤᠬᠠᠢ ᠵᠦᠪᠳᠡᠯᠴᠡᠨ ᠵᠤᠯᠭᠠᠯᠴᠠᠭᠤᠯᠵᠤ ᠪᠤᠢ᠃
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号