ᠬᠤᠩᠱᠠᠨ ᠲᠣᠭᠤᠷᠢᠭ ᠬᠡᠷᠡᠭᠯᠡᠭᠡᠨ ᠤ ᠰᠢᠨ᠎ᠡ ᠠᠮᠢᠯᠠᠯ ᠤᠨ ᠬᠦᠴᠦᠨ ᠢ ᠬᠦᠭᠵᠢᠭᠡᠪᠡ
ᠨᠡᠶᠢᠲᠡᠯᠡᠭᠰᠡᠨ ᠴᠠᠭ᠄
2025/3/20
       ᠨᠢᠭᠡ ᠳᠤ ᠲᠥᠷᠦ ᠶᠢᠨ ᠪᠣᠳᠤᠯᠭ᠎ᠠ ᠶᠢᠨ ᠤᠬᠠᠭᠤᠯᠭ᠎ᠠ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠪᠡ᠃  ᠵᠠᠭᠤᠴᠢᠯᠠᠭᠤᠷ ᠢᠶᠠᠷ ᠤᠬᠠᠭᠤᠯᠬᠤ᠂  ᠠᠰᠠᠭᠤᠨ ᠯᠠᠪᠯᠠᠬᠤ ᠬᠠᠯᠠᠮᠰᠢᠯ ᠤᠲᠠᠰᠤ ᠵᠡᠷᠭᠡ ᠠᠷᠭ᠎ᠠ ᠠᠪᠴᠠᠯ ᠢᠶᠠᠷ ᠳᠠᠮᠵᠢᠨ᠂  ᠪᠦᠬᠦ ᠣᠷᠣᠨ ᠬᠡᠴᠡ᠂  ᠣᠯᠠᠨ ᠳᠠᠪᠬᠤᠷᠭ᠎ᠠ ᠶᠢᠨ᠂  ᠣᠯᠠᠨ ᠵᠠᠮ ᠰᠤᠪᠠᠭ ᠢᠶᠠᠷ ᠲᠥᠷᠦ ᠶᠢᠨ ᠪᠣᠳᠤᠯᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠦᠷᠨᠢᠭᠦᠯᠵᠦ᠂  ᠤᠯᠤᠰ ᠤᠨ ᠨᠦᠬᠦᠪᠦᠷᠢ ᠪᠠ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂  ᠰᠠᠭᠤᠭᠠᠯᠢ ᠠᠷᠠᠳ ᠤᠨ ᠬᠡᠷᠡᠭᠯᠡᠭᠡᠨ ᠤ ᠤᠷᠮᠠᠰᠢᠯ ᠢ ᠨᠡᠮᠡᠭᠳᠡᠭᠦᠯᠦᠨ᠂  ᠣᠯᠠᠨ ᠲᠥᠮᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠲᠤᠬᠠᠢ ᠮᠡᠳᠡᠴᠡ ᠪᠠ ᠣᠷᠣᠯᠴᠠᠬᠤ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠣᠳᠣᠬᠠᠨ ᠳᠤ ᠭᠤᠴᠢᠨ ᠪᠤᠷᠤᠯᠠᠭᠤᠯᠭ᠎ᠠ ᠶᠢᠨ ᠠᠵᠤ ᠠᠬᠤᠶᠢᠯᠠᠯ ᠠᠵᠢᠯᠯᠠᠭᠠᠨ ᠳᠤ ᠣᠷᠣᠯᠴᠠᠪᠠ᠃        ᠬᠤᠶᠠᠷ ᠲᠤ ᠰᠤᠶᠤᠯ ᠡᠭᠦᠳᠦᠯᠲᠡ ᠶᠢᠨ ᠠᠵᠤ ᠦᠢᠯᠡᠰ ᠲᠤ ᠲᠦᠰᠢᠭᠯᠡᠨ ᠬᠡᠷᠡᠭᠯᠡᠭᠡᠨ ᠤ ᠰᠢᠨ᠎ᠡ ᠦᠢᠯᠡᠳᠦᠯᠭᠡ ᠶᠢ ᠡᠭᠦᠳᠪᠡ᠃  ᠰᠤᠶᠤᠯ ᠡᠭᠦᠳᠦᠯᠲᠡ ᠶᠢᠨ ᠲᠠᠸᠠᠷ ᠤᠨ ᠳᠡᠯᠭᠡᠭᠦᠷ ᠢ ᠴᠤᠭᠴᠠᠯᠠᠵᠤ᠂  ᠤᠯᠠᠮᠵᠢᠯᠠᠯᠲᠤ ᠰᠤᠶᠤᠯ᠂  ᠪᠤᠳᠠᠰ ᠤᠨ ᠪᠤᠰᠤ ᠰᠤᠶᠤᠯ ᠤᠨ ᠦᠪ ᠵᠡᠷᠭᠡ ᠡᠯᠧᠮᠧᠨ᠋ᠲ ᠲᠤ ᠲᠦᠰᠢᠭᠯᠡᠨ᠂  ᠬᠤᠩᠱᠠᠨ ᠰᠤᠶᠤᠯ᠂ ᠤᠮᠠᠷᠠᠲᠤ ᠬᠢᠯᠢ ᠶᠢᠨ ᠰᠤᠶᠤᠯ ᠪᠠ ᠣᠳᠣ ᠥᠶ᠎ᠡ ᠶᠢᠨ ᠡᠭᠦᠳᠦᠯᠲᠡ ᠶᠢᠨ ᠰᠠᠨᠠᠭ᠎ᠠ ᠠᠬᠤᠢ ᠲᠠᠢ ᠠᠭᠤᠰᠤᠯᠴᠠᠭᠤᠯᠤᠨ᠂ ᠢᠦᠢ ᠯᠦᠩ ᠨᠤᠤᠰᠤᠨ ᠡᠯᠭᠦᠮᠡᠯ ᠡᠳ᠋᠂ ᠬᠤᠩᠱᠠᠨ ᠡᠯᠡᠰᠦᠨ ᠳ᠋ᠧᠩ ᠵᠡᠷᠭᠡ ᠲᠠᠸᠠᠷ ᠢ ᠲᠥᠰᠦᠪᠯᠡᠵᠦ᠂  ᠤᠷᠢᠳᠴᠢᠯᠠᠨ ᠵᠢᠱᠢᠭᠰᠡᠨ ᠢᠶᠠᠷ ᠪᠤᠷᠤᠯᠠᠭᠤᠯᠭ᠎ᠠ ᠶᠢᠨ ᠥᠷᠲᠡᠭ  20  ᠲᠥᠮᠡᠨ ᠲᠦᠭᠦᠷᠢᠭ ᠨᠡᠮᠡᠭᠳᠡᠬᠦ ᠪᠤᠯᠤᠨ᠎ᠠ᠃        ᠭᠤᠷᠪᠠ ᠳᠤ ᠬᠡᠷᠡᠭᠯᠡᠭᠡ ᠶᠢ ᠠᠬᠢᠭᠤᠯᠬᠤ ᠠᠵᠢᠯᠯᠠᠭᠠᠨ ᠢ ᠦᠷᠨᠢᠭᠦᠯᠵᠦ᠂  ᠬᠡᠷᠡᠭᠯᠡᠭᠡᠨ ᠤ ᠬᠠᠯᠠᠮᠰᠢᠯ ᠢ ᠳᠠᠶᠢᠴᠢᠯᠠᠪᠠ᠃ ᠡᠯ᠎ᠡ ᠲᠥᠷᠦᠯ ᠤᠨ ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠤᠳ ᠲᠤ ᠠᠷᠠᠯᠵᠢᠶᠠᠴᠢᠨ ᠢ ᠬᠦᠲᠦᠯᠦᠨ ᠵᠢᠯᠤᠭᠤᠳᠴᠤ ᠣᠯᠠᠨ ᠲᠥᠷᠦᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭᠠᠨ ᠦᠷᠨᠢᠭᠦᠯᠵᠦ᠂  ᠬᠤᠲᠠ ᠶᠢᠨ ᠠᠷᠠᠳ ᠤᠨ ᠬᠤᠳᠠᠯᠳᠤᠨ ᠠᠪᠬᠤ ᠳᠤᠷ᠎ᠠ ᠬᠦᠰᠡᠯ ᠢ ᠬᠦᠭᠵᠢᠭᠡᠪᠡ᠃ ᠵᠢᠯ ᠤᠨ ᠡᠬᠢᠨ ᠠᠴᠠ ᠣᠳᠣ ᠪᠣᠯᠲᠠᠯ᠎ᠠ ᠨᠡᠶᠢᠲᠡ ᠰᠢᠨ᠎ᠡ ᠵᠢᠯ ᠤᠨ ᠪᠠᠷᠠᠭ᠎ᠠ ᠮᠡᠲᠦ ᠶᠢᠨ ᠠᠷᠪᠠᠨ ᠬᠤᠶᠠᠷ ᠲᠠᠯᠠᠪᠠᠢ ᠬᠡᠷᠡᠭᠯᠡᠭᠡ ᠶᠢ ᠠᠬᠢᠭᠤᠯᠬᠤ ᠠᠵᠢᠯᠯᠠᠭᠠᠨ ᠦᠷᠨᠢᠭᠦᠯᠵᠦ᠂  1.2  ᠳ᠋ᠦᠩᠰᠢᠭᠤᠷ ᠲᠦᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号