ᠬᠤᠩᠱᠠᠨ ᠲᠣᠭᠤᠷᠢᠭ ᠣᠯᠠᠨ ᠠᠷᠭ᠎ᠠ ᠠᠪᠴᠠᠯ ᠢᠶᠠᠷ ᠬᠠᠪᠤᠷ ᠤᠨ ᠲᠠᠷᠢᠶᠠᠯᠠᠭ᠎ᠠ ᠶᠢ ᠪᠠᠲᠤᠯᠠᠨ ᠠᠬᠢᠭᠤᠯᠪᠠ
ᠨᠡᠶᠢᠲᠡᠯᠡᠭᠰᠡᠨ ᠴᠠᠭ᠄
2025/3/26
       ᠨᠢᠭᠡ ᠳᠤ᠂  ᠪᠠᠶᠢᠴᠠᠭᠠᠨ ᠵᠢᠯᠤᠭᠤᠳᠬᠤ ᠠᠵᠢᠯ ᠢ ᠪᠤᠳᠠᠲᠠᠢ ᠠᠳᠬᠤᠪᠠ᠃  ᠲᠠᠷᠢᠶᠠᠯᠠᠩ ᠳᠤ ᠤᠷᠤᠭᠤᠯᠬᠤ ᠪᠦᠲᠦᠭᠡᠭᠳᠡᠭᠦᠨ ᠤ ᠡᠵᠡᠩᠨᠡᠯᠲᠡ ᠶᠢᠨ ᠳᠡᠯᠭᠡᠭᠦᠷ ᠤᠨ ᠠᠶᠦᠯᠭᠦᠢ ᠶᠢᠨ ᠪᠠᠶᠢᠴᠠᠭᠠᠯᠲᠠ ᠶᠢ ᠴᠢᠩᠭᠠᠳᠬᠠᠨ᠂  ᠬᠤᠳᠠᠯ ᠬᠠᠭᠤᠷᠮᠠᠭ ᠲᠠᠷᠢᠶᠠᠯᠠᠩ ᠤᠨ ᠪᠡᠯᠡ ᠤᠷᠤᠭᠤᠯᠤᠯᠲᠠ ᠶᠢᠨ ᠲᠠᠸᠠᠷ ᠤᠨ ᠵᠠᠬ᠎ᠠ ᠳᠡᠯᠭᠡᠭᠦᠷ ᠲᠤ ᠣᠷᠣᠬᠤ ᠶᠢ ᠡᠷᠡᠰ ᠬᠤᠷᠢᠭᠯᠠᠵᠤ᠂  ᠬᠤᠳᠠᠯ ᠬᠠᠭᠤᠷᠮᠠᠭ ᠲᠠᠸᠠᠷ ᠢ ᠬᠤᠳᠠᠯᠳᠤᠬᠤ ᠵᠡᠷᠭᠡ ᠶᠢᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠲᠥᠷᠦᠯ ᠠᠩᠭᠢᠯᠠᠯ ᠤᠨ ᠳᠠᠩᠰᠠᠯᠠᠯᠲᠠ ᠬᠠᠮᠢᠶᠠᠷᠤᠯᠲᠠ ᠶᠢ ᠴᠢᠩᠭᠠᠳᠬᠠᠵᠤ᠂  ᠲᠠᠷᠢᠶᠠᠯᠠᠩ ᠤᠨ ᠪᠦᠲᠦᠭᠡᠭᠳᠡᠭᠡᠦᠨ ᠤ ᠴᠢᠨᠠᠷ ᠤᠨ ᠪᠠᠶᠢᠴᠠᠭᠠᠯᠲᠠ ᠶᠢ ᠰᠠᠶᠢᠲᠤᠷ ᠬᠢᠵᠦ᠂  ᠬᠤᠭᠤᠴᠠᠭ᠎ᠠ ᠨᠢ ᠦᠩᠭᠡᠷᠡᠭᠰᠡᠨ ᠲᠠᠸᠠᠷ ᠢ ᠬᠤᠳᠠᠯᠳᠤᠬᠤ ᠶᠢ ᠡᠷᠡᠰ ᠬᠤᠷᠢᠭᠯᠠᠵᠤ᠂  ᠬᠢᠮᠢ ᠶᠢᠨ ᠪᠤᠷᠳᠤᠭᠤᠷ᠂ ᠲᠠᠷᠢᠶᠠᠨ ᠡᠮ᠂  ᠥᠷ᠎ᠡ ᠵᠡᠷᠭᠡ ᠲᠠᠷᠢᠶᠠᠯᠠᠩ ᠤᠨ ᠪᠤᠳᠠᠰ ᠤᠨ ᠴᠢᠨᠠᠷ ᠴᠢᠨᠰᠠᠭ᠎ᠠ᠂ ᠦᠨ᠎ᠡ ᠬᠠᠩᠰᠢ ᠶᠢᠨ ᠲᠤᠭᠲᠠᠭᠤᠨ ᠢ ᠪᠠᠲᠤᠯᠠᠨ᠂  ᠲᠠᠷᠢᠶᠠᠯᠠᠩ ᠳᠤ ᠣᠷᠣᠭᠤᠯᠬᠤ ᠲᠠᠸᠠᠷ ᠤᠨ ᠴᠢᠨᠠᠷ ᠴᠢᠨᠰᠠᠭ᠎ᠠ ᠬᠠᠩᠭᠠᠯᠠᠭ᠎ᠠ  ᠶᠢᠨ ᠬᠤᠷᠢᠭ᠎ᠠ ᠱᠤᠭᠤᠮ ᠢ ᠪᠠᠲᠤ ᠰᠠᠬᠢᠪᠠ᠃ ᠵᠢᠯ ᠤᠨ ᠡᠬᠢᠨ ᠠᠴᠠ ᠣᠳᠣ ᠪᠣᠯᠲᠠᠯ᠎ᠠ ᠨᠢᠭᠡ ᠤᠳᠠᠭᠠᠨ ᠤ ᠬᠠᠪᠤᠷ ᠤᠨ ᠲᠠᠷᠢᠶᠠᠯᠠᠭ᠎ᠠ ᠶᠢᠨ ᠲᠠᠸᠠᠷ ᠤᠨ ᠬᠤᠳᠠᠯ ᠬᠠᠭᠤᠷᠮᠠᠭ ᠢ ᠡᠰᠡᠷᠭᠦᠴᠡᠬᠦ ᠲᠤᠰᠬᠠᠢ ᠠᠵᠢᠯᠯᠠᠭᠠᠨ ᠢ ᠵᠤᠬᠢᠶᠠᠨ ᠪᠠᠶᠢᠭᠤᠯᠵᠤ ᠥᠷᠨᠢᠭᠦᠯᠦᠨ᠂ ᠨᠡᠶᠢᠲᠡ ᠲᠠᠪᠢᠨ ᠨᠢᠭᠡᠨ ᠥᠷ᠎ᠡ ᠪᠠ ᠲᠠᠷᠢᠶᠠᠨ ᠡᠮ ᠤᠨ ᠳᠡᠯᠭᠡᠭᠦᠷ ᠢ ᠪᠠᠶᠢᠴᠠᠭᠠᠵᠤ᠂ ᠥᠷ᠎ᠡ ᠶᠢ ᠳᠠᠩᠰᠠᠯᠠᠬᠤ ᠦᠭᠡᠢ᠂  ᠪᠠᠭᠯᠠᠭ᠎ᠠ ᠪᠤᠭᠤᠳᠠᠯ ᠨᠢ ᠬᠢᠷᠢ ᠲᠡᠩᠴᠡᠬᠦ ᠦᠭᠡᠢ ᠵᠡᠷᠭᠡ ᠠᠰᠠᠭᠤᠳᠠᠯ ᠢ ᠢᠯᠡᠷᠡᠭᠦᠯᠵᠦ᠂  ᠪᠦᠬᠦᠨ ᠢ ᠴᠠᠭ ᠬᠢᠵᠠᠭᠠᠷᠯᠠᠨ ᠴᠡᠭᠴᠡᠯᠡᠨ ᠵᠠᠰᠠᠪᠠ᠃        ᠬᠤᠶᠠᠷ ᠲᠤ᠂  ᠲᠣᠬᠢᠷᠠᠭᠤᠯᠤᠨ ᠬᠦᠷᠭᠡᠬᠦ ᠦᠢᠯᠡᠴᠢᠯᠡᠭᠡᠨ ᠤ ᠬᠦᠴᠦᠯᠡᠴᠡ ᠪᠠᠨ ᠴᠢᠩᠭᠠᠳᠬᠠᠪᠠ᠃  ᠲᠠᠷᠢᠶᠠᠯᠠᠩ ᠤᠨ ᠪᠡᠯᠡ ᠣᠷᠣᠭᠤᠯᠤᠯᠲᠠ ᠵᠦᠭᠡᠭᠡᠪᠦᠷᠢ ᠶᠢᠨ ᠲᠤᠭᠲᠠᠴᠠ ᠶᠢ ᠪᠠᠶᠢᠭᠤᠯᠬᠤ ᠶᠢ ᠠᠬᠢᠭᠤᠯᠤᠨ᠂  ᠲᠣᠬᠢᠷᠠᠭᠤᠯᠤᠨ ᠬᠦᠷᠭᠡᠬᠦ ᠰᠤᠷᠠᠭ ᠵᠠᠩᠭᠢ ᠶᠢ ᠴᠠᠭ ᠢᠶᠠᠷ ᠬᠤᠷᠢᠶᠠᠩᠭᠤᠶᠢᠯᠠᠵᠤ᠂  ᠡᠯ᠎ᠡ ᠦᠢᠯᠡᠴᠢᠯᠡᠭᠡᠨ ᠤ ᠥᠷᠲᠡᠭᠡ ᠵᠣᠬᠢᠴᠠᠭᠤᠯᠵᠤ ᠬᠤᠯᠪᠤᠭᠠᠯᠠᠨ ᠤᠶᠢᠷᠠᠬᠠᠨ ᠨᠢ ᠬᠦᠷᠭᠡᠵᠦ᠂  ᠬᠠᠪᠤᠷ ᠤᠨ ᠲᠠᠷᠢᠶᠠᠯᠠᠭ᠎ᠠ ᠶᠢᠨ ᠡᠳ᠋ ᠪᠤᠳᠠᠰ ᠢ ᠴᠠᠭ ᠲᠤᠬᠠᠢ ᠳᠤ ᠨᠢ ᠬᠦᠷᠭᠡᠵᠦ ᠪᠦᠬᠦ ᠬᠦᠴᠦᠨ ᠢᠶᠠᠷ ᠬᠠᠪᠤᠷ ᠤᠨ ᠲᠠᠷᠢᠶᠠᠯᠠᠭ᠎ᠠ ᠶᠢ ᠪᠠᠲᠤᠯᠠᠪᠠ᠃ ᠸᠧᠨ ᠵᠦᠩ ᠪᠠᠯᠭᠠᠰᠤᠨ ᠤ ︽ᠭᠤᠷᠪᠠᠨ ᠪᠠᠶᠢᠷᠢᠰᠢᠯ ᠨᠢᠭᠡ ᠴᠤᠭᠴᠠ︾  ᠶᠢᠨ ᠲᠠᠪᠴᠠᠩ ᠂  ᠬᠤᠩ ᠮᠢᠶᠤᠤᠽᠢ ᠪᠠᠯᠭᠠᠰᠤ᠂  ᠴᠢᠶᠤᠤ ᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠶᠢᠨ ᠬᠠᠩᠭᠠᠨ ᠪᠤᠷᠤᠯᠠᠭᠤᠯᠭ᠎ᠠ ᠶᠢᠨ ᠬᠠᠮᠵᠢᠯᠴᠠᠭᠠᠨ ᠤ ᠵᠣᠬᠢᠶᠠᠨ ᠪᠠᠶᠢᠭᠤᠯᠤᠯᠲᠠ ᠳᠤ ᠲᠦᠰᠢᠭᠯᠡᠵᠦ᠂  ᠲᠠᠷᠢᠶᠠᠯᠠᠩ ᠤᠨ ᠡᠳ᠋ ᠪᠤᠳᠠᠰ ᠢ ᠲᠥᠪᠯᠡᠷᠡᠭᠦᠯᠦᠨ ᠬᠤᠳᠠᠯᠳᠤᠨ ᠠᠪᠴᠤ᠂  ᠨᠢᠭᠡᠲᠦᠯᠲᠡᠢ ᠬᠦᠷᠭᠡᠬᠦ ᠬᠡᠯᠪᠡᠷᠢ ᠪᠠᠷ ᠲᠤᠬᠢᠷᠠᠭᠤᠯᠤᠨ ᠬᠦᠷᠭᠡᠬᠦ ᠦᠷᠲᠡᠭ ᠢ ᠪᠠᠭᠤᠷᠠᠭᠤᠯᠵᠤ᠂  ᠬᠦᠷᠭᠡᠯᠲᠡ ᠶᠢᠨ ᠥᠷ᠎ᠡ ᠠᠰᠢᠭ ᠢ ᠳᠡᠭᠡᠭᠰᠢᠯᠡᠭᠦᠯᠪᠡ᠃ ᠣᠳᠣ ᠪᠣᠯᠲᠠᠯ᠎ᠠ ᠨᠡᠶᠢᠲᠡ ᠭᠤᠴᠢᠨ ᠲᠣᠬᠢᠷᠠᠭᠤᠯᠤᠨ ᠬᠦᠷᠭᠡᠬᠦ ᠥᠷᠲᠡᠭᠡ ᠲᠤᠬᠢᠷᠠᠭᠤᠯᠵᠤ᠂  ᠦᠨᠦ ᠵᠢᠯ ᠤᠷᠢᠳᠴᠢᠯᠠᠨ ᠵᠢᠱᠢᠭᠰᠡᠨ ᠢᠶᠠᠷ ᠲᠠᠪᠤᠨ ᠥᠷᠲᠡᠭᠡ ᠰᠢᠨ᠎ᠡ ᠪᠠᠷ ᠨᠡᠮᠡᠵᠦ᠂  ᠬᠠᠷᠢᠶ᠎ᠠ ᠤᠷᠤᠨ ᠤ ᠬᠦᠷᠢᠶ᠎ᠡ ᠬᠡᠪᠴᠢᠶᠡᠨ ᠳᠤ ᠲᠣᠬᠢᠷᠠᠭᠤᠯᠤᠨ ᠬᠦᠷᠭᠡᠯᠲᠡ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠪᠡ᠃        ᠭᠤᠷᠪᠠ ᠳᠤ᠂  ᠬᠠᠮᠢᠶᠠᠷᠤᠯᠲᠠ ᠦᠢᠯᠡᠴᠢᠯᠡᠭᠡ ᠶᠢ ᠵᠣᠯᠭᠠᠯᠴᠠᠭᠤᠯᠬᠤ ᠶᠢ ᠴᠢᠩᠭᠠᠳᠬᠠᠪᠠ᠃ ᠲᠥᠷᠦ ᠶᠢᠨ ᠪᠣᠳᠤᠯᠭ᠎ᠠ᠂ ᠮᠦᠩᠭᠦᠨ ᠭᠦᠢᠯᠭᠡᠭᠡᠨ ᠵᠡᠷᠭᠡ ᠲᠠᠯ᠎ᠠ ᠳᠤ ᠬᠦᠲᠦᠯᠦᠨ ᠵᠢᠯᠤᠭᠤᠳᠬᠤ ᠶᠢ ᠳᠣᠪᠤᠶᠢᠯᠭᠠᠨ᠂  ᠠᠵᠤ ᠠᠬᠤᠶᠢᠯᠠᠯ ᠳᠤ ᠬᠠᠪᠰᠤᠷᠤᠨ ᠪᠡᠯᠡ ᠮᠦᠩᠭᠦ ᠶᠢᠨ ᠬᠦᠴᠢᠷᠳᠡᠯ ᠂  ᠬᠦᠮᠦᠷᠭᠡ ᠶᠢᠨ ᠪᠠᠭᠲᠠᠴᠠ ᠵᠡᠷᠭᠡ ᠲᠠᠯ᠎ᠠ ᠶᠢᠨ ᠳᠠᠷᠤᠯᠲᠠ ᠶᠢ ᠬᠦᠩᠭᠡᠯᠡᠵᠦ᠂  ᠮᠦᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠢᠳᠡᠪᠬᠢᠲᠡᠢ ᠵᠣᠯᠭᠠᠯᠴᠠᠭᠤᠯᠬᠤ ᠪᠠ ᠠᠵᠤ ᠠᠬᠤᠶᠢᠯᠠᠯ ᠤᠨ ᠰᠠᠨᠠᠭᠤᠯᠭ᠎ᠠ ᠳᠤᠷᠠᠳᠬᠤ ᠬᠠᠮᠵᠢᠯᠴᠠᠬᠤ ᠶᠢ ᠵᠣᠷᠢᠭᠵᠢᠭᠤᠯᠵᠤ᠂  ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠠᠵᠤ ᠦᠢᠯᠡᠰ ᠤᠨ ᠤᠨᠴᠠᠯᠢᠭ ᠢ ᠦᠨᠳᠦᠰᠦᠯᠡᠨ ᠬᠠᠨᠳᠤᠯᠭ᠎ᠠ ᠲᠠᠢ ᠪᠠᠷ ᠲᠠᠷᠢᠶᠠᠯᠠᠩ ᠤᠨ ᠪᠡᠯᠡ ᠤᠷᠤᠭᠤᠯᠤᠯᠲᠠ ᠶᠢᠨ ᠬᠦᠷᠢᠶ᠎ᠡ ᠬᠡᠪᠴᠢᠶᠡᠨ ᠳᠤ ᠤᠨᠴᠠᠯᠢᠭᠲᠤ ᠮᠦᠩᠭᠦᠨ ᠭᠦᠢᠯᠭᠡᠭᠡᠨ ᠤ ᠪᠦᠲᠦᠭᠡᠭᠳᠡᠭᠦᠨ ᠢ ᠲᠦᠰᠦᠪᠯᠡᠨ ᠦᠢᠯᠡᠳᠬᠦ ᠶᠢ ᠠᠬᠢᠭᠤᠯᠤᠨ᠂  ᠦᠨᠳᠦᠰᠦᠨ ᠱᠠᠲᠤᠨ ᠤ ᠡᠵᠡᠩᠨᠡᠯᠲᠡ ᠶᠢᠨ ᠨᠢᠭᠡᠴᠡ ᠳᠤ ᠨᠡᠩ ᠬᠢᠮᠳᠡ ᠬᠢᠯᠪᠡᠷ ᠬᠦᠷᠦᠩᠭᠡ ᠤᠷᠤᠭᠤᠯᠤᠯᠲᠠ ᠶᠢᠨ ᠬᠦᠦ ᠨᠤᠷᠮ᠎ᠠ ᠪᠠ ᠢᠲᠡᠭᠡᠮᠵᠢ ᠶᠢᠨ ᠨᠦᠬᠦᠴᠡᠯ ᠬᠠᠩᠭᠠᠪᠠ᠃ ᠵᠢᠯ ᠤᠨ ᠡᠬᠢᠨ ᠠᠴᠠ ᠣᠳᠣ ᠪᠣᠯᠲᠠᠯ᠎ᠠ ᠨᠡᠶᠢᠲᠡ ᠳᠤᠯᠤᠭ᠎ᠠ ᠤᠳᠠᠭᠠᠨ ᠤ ᠪᠤᠳᠠᠲᠤ ᠭᠠᠵᠠᠷ ᠲᠤ ᠨᠢ ᠪᠠᠶᠢᠴᠠᠭᠠᠨ ᠰᠤᠳᠤᠯᠬᠤ᠂  ᠰᠠᠭᠤᠳᠠᠯ ᠤᠨ ᠬᠤᠷᠠᠯ ᠬᠢᠵᠦ᠂  ᠠᠵᠤ ᠠᠬᠤᠶᠢᠯᠠᠯ ᠤᠨ ᠬᠦᠷᠦᠩᠭᠡ ᠤᠷᠤᠭᠤᠯᠤᠯᠲᠠ ᠶᠢᠨ ᠬᠦᠴᠢᠷᠳᠡᠯ᠂   ᠪᠡᠯᠡᠨ ᠮᠦᠩᠭᠦ ᠶᠢ ᠶᠡᠭᠡ ᠡᠵᠡᠯᠡᠭᠰᠡᠨ᠂  ᠡᠷᠭᠢᠯᠲᠡ ᠤᠳᠠᠭᠠᠨ᠂ ᠠᠵᠤ ᠦᠢᠯᠡᠰ ᠤᠨ ᠬᠡᠯᠬᠢᠶ᠎ᠡ ᠲᠡᠭᠦᠯᠳᠡᠷᠵᠢᠭᠡ ᠦᠭᠡᠢ ᠵᠡᠷᠭᠡ ᠠᠷᠪᠠᠭᠠᠳ ᠬᠦᠴᠢᠷᠳᠡᠯ ᠢ ᠰᠢᠯᠤᠭᠤᠳᠬᠠᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠢᠳᠡᠪᠬᠢᠲᠡᠢ ᠵᠤᠯᠭᠠᠯᠴᠠᠭᠤᠯᠵᠤ᠂  ᠬᠠᠨᠳᠤᠯᠭ᠎ᠠ ᠲᠠᠢ ᠮᠦᠩᠭᠦᠨ ᠭᠦᠢᠯᠭᠡᠭᠡᠨ ᠤ ᠪᠦᠲᠦᠭᠡᠭᠳᠡᠭᠦᠨ ᠢ ᠡᠭᠦᠳᠴᠦ᠂  ᠠᠵᠤ ᠠᠬᠤᠶᠢᠯᠠᠯ ᠤᠨ ᠳᠠᠷᠤᠯᠲᠠ ᠶᠢ ᠪᠠᠭᠠᠰᠬᠠᠪᠠ᠃
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号