2025 ᠣᠨ ᠤ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2025/4/14
       ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ              -  2025 ᠣᠨ ᠤ 1 ᠰᠠᠷ᠎ᠠ ᠶᠢᠨ 21 ᠤ ᠡᠳᠦᠷ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠣᠣ ᠯᠠᠨ ᠭᠤᠸᠠᠩᠲᠥᠯᠦᠭᠡᠯᠡᠭᠴᠢᠳ ᠡ᠂  ᠪᠢ ᠡᠳᠦᠭᠡ ᠲᠤᠭᠤᠷᠢᠭ ᠤᠨ ᠵᠠᠰᠠᠭ ᠤᠨ ᠤᠷᠳᠤᠨ ᠢ ᠲᠥᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂  ᠬᠢᠨᠠᠨ ᠵᠥᠪᠯᠡᠬᠦ ᠪᠣᠯᠪᠠᠤ᠂  ᠡᠭᠦᠨ ᠤ ᠬᠠᠮᠲᠤ ᠲᠤᠭᠤᠷᠢᠭ ᠤᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠳᠤᠷᠠᠳᠤᠭᠠᠷᠠᠢ᠃        ᠨᠢᠭᠡ᠂ 2024 ᠣᠨ ᠤ ᠠᠵᠢᠯ ᠤᠨ ᠡᠷᠭᠢᠴᠡᠭᠦᠯᠦᠯ        2024 ᠣᠨ ᠳᠤ ᠲᠤᠭᠤᠷᠢᠭ ᠤᠨ ᠵᠠᠰᠠᠭ ᠤᠨ ᠤᠷᠳᠤᠨ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠦᠮᠲᠦ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂  ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂  ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠪᠠ ᠨᠠᠮ ᠤᠨ ᠲᠥᠪ ᠬᠤᠷᠢᠶᠠᠨ ᠤ ᠰᠢᠢᠳᠪᠦᠷᠢ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠤᠨ᠂  ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠠ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠬᠤ ᠪᠠᠷ ᠠᠵᠢᠯ ᠤᠨ ᠭᠤᠣᠯ ᠱᠣᠭᠤᠮ ᠪᠣᠯᠭᠠᠵᠤ ᠂  ︽ᠬᠤᠶᠠᠷ ᠲᠣᠮᠤ ᠤᠴᠢᠷ︾  ᠢ ᠬᠦᠴᠦᠨ ᠢᠶᠠᠨ ᠲᠥᠪᠯᠡᠷᠡᠭᠦᠯᠦᠨ ᠰᠠᠶᠢᠲᠤᠷ ᠬᠢᠵᠦ᠂  ︽ᠵᠢᠷᠭᠤᠭᠠᠨ ᠢᠨᠵᠧᠨᠧᠷᠢᠩ︾  ᠢ ᠬᠡᠷᠡᠭᠵᠢᠭᠦᠯᠦᠨ᠂  ᠪᠤᠷᠤᠲᠠᠢ ᠠᠵᠢᠯᠯᠠᠵᠤ ᠠᠵᠤ ᠠᠬᠤᠢ ᠶᠢ ᠬᠦᠭᠵᠢᠭᠡᠵᠦ᠂  ᠦᠭᠡᠷᠡᠴᠢᠯᠡᠯᠲᠡ ᠶᠢ ᠠᠬᠢᠭᠤᠯᠵᠤ᠂  ᠠᠷᠠᠳ ᠲᠤ ᠠᠰᠢᠭ ᠬᠦᠷᠲᠡᠭᠡᠬᠦ  ᠶᠢ ᠪᠦᠬᠦ ᠬᠦᠴᠦᠨ ᠢᠶᠠᠷ ᠠᠬᠢᠭᠤᠯᠤᠨ᠂  ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠪᠡᠶᠡᠯᠡᠭᠦᠯᠵᠦ ᠲᠤᠭᠲᠠᠭᠤᠨ ᠢ ᠪᠠᠲᠤᠯᠠᠵᠤ᠂  ᠲᠤᠭᠤᠷᠢᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠡᠷᠦᠩᠬᠡᠢ ᠳᠤ ᠪᠠᠨ ᠲᠤᠭᠲᠠᠭᠤᠨ ᠪᠠᠶᠢᠵᠤ᠂  ᠲᠣᠭᠲᠠᠭᠤᠨ ᠤ ᠳᠤᠮᠳᠠ ᠠᠬᠢᠯᠲᠠ ᠲᠠᠢ ᠬᠠᠨᠳᠤᠰᠢ ᠢᠯᠡᠷᠡᠪᠡ᠃ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ  374.4 ᠳ᠋ᠦᠩᠰᠢᠭᠤᠷ ᠲᠦᠭᠦᠷᠢᠭ᠂ 4%  ᠨᠡᠮᠡᠭᠳᠡᠪᠡ᠃ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 99.3 ᠳ᠋ᠦᠩᠰᠢᠭᠤᠷ ᠲᠦᠭᠦᠷᠢᠭ᠂ 6%  ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 16% ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 21.15 ᠳ᠋ᠦᠩᠰᠢᠭᠤᠷ ᠲᠥᠭᠦᠷᠢᠭ᠂  9.3%  ᠪᠠᠭᠠᠰᠪᠠ᠃ ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ  176.3 ᠳ᠋ᠦᠩᠰᠢᠭᠤᠷ ᠲᠦᠭᠦᠷᠢᠭ᠂  2.2%  ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠠᠬᠤᠶᠢᠴᠠ ᠣᠷᠣᠯᠭ᠎ᠠ ᠲᠤᠰᠪᠤᠷᠢ  48138 ᠲᠦᠭᠦᠷᠢᠭ ᠪᠠ  31213 ᠲᠦᠭᠦᠷᠢᠭ ᠬᠦᠷᠴᠦ᠂  ᠲᠤᠰᠪᠤᠷᠢ 4.9%  ᠪᠠ  5.8%  ᠨᠡᠮᠡᠭᠳᠡᠪᠡ᠃                        ︵ ᠦᠷᠭᠦᠯᠵᠢᠯᠡᠯ ᠪᠤᠢ  ︶
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号