| | 3 ᠰᠠᠷ᠎ᠠ ᠶᠢᠨ 7 ᠤ ᠡᠳᠦᠷ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠣᠣ ᠯᠠᠨ ᠭᠤᠸᠠᠩ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ | ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠪᠠ ᠬᠤᠶᠠᠳᠤᠭᠠᠷ ᠤᠳᠠᠭᠠᠨ ᠤ ᠨᠠᠮ ᠤᠨ ᠳᠤᠭᠤᠶᠢᠯᠠᠩ ᠤᠨ | ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ | ᠬᠡᠰᠢᠭᠦᠳ ᠬᠤᠷᠠᠯ ᠳᠤ ᠣᠷᠣᠯᠴᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ | ᠬᠤᠷᠠᠯ ᠳᠤ ᠰᠤᠯᠠ ᠣᠷᠣᠯᠴᠠᠪᠠ᠃ | | | ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠲᠣᠭᠤᠷᠢᠨ ᠪᠠᠶᠢᠴᠠᠭᠠᠯᠲᠠ ᠶᠢᠨ | ᠳᠠᠷᠠᠭᠠᠬᠢ ᠴᠡᠭᠴᠡᠯᠡᠨ ᠵᠠᠰᠠᠯᠲᠠ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ᠂ | ᠠᠷᠠᠳ ᠤᠨ ᠠᠮᠢᠳᠤᠷᠠᠯ ᠤᠨ ᠪᠤᠳᠠᠲᠤ ᠤᠴᠢᠷ ᠤᠨ ᠲᠦᠷᠦᠯ ᠵᠦᠢᠯ ᠢ ᠲᠦᠰᠦᠪᠯᠡᠬᠦ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃ ︽ | ᠬᠤᠶᠠᠳᠤᠭᠠᠷ ᠡᠷᠭᠢᠯᠭᠡᠨ ᠤ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠪᠳᠠᠨ ᠪᠠᠶᠢᠴᠠᠭᠠᠯᠲᠠ ᠶᠢᠨ ᠳᠠᠷᠠᠭᠠᠬᠢ ᠴᠡᠭᠴᠡᠯᠡᠨ ᠵᠠᠰᠠᠯᠲᠠ ᠶᠢᠨ ᠲᠥᠰᠦᠯ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠥᠰᠦᠯ︾ ᠵᠡᠷᠭᠡ ᠵᠢᠷᠭᠤᠭᠠᠨ ᠲᠥᠰᠦᠯ ᠢ ᠬᠢᠨᠠᠨ ᠵᠥᠪᠯᠡᠪᠡ᠃ | | | ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠲᠣᠭᠤᠶᠢᠯᠠᠩ ᠤᠨ ᠬᠤᠷᠠᠯ ᠳᠤ ᠡᠾᠦ᠋ᠢ ᠷᠦᠩ | ᠬᠦᠷᠦᠩᠭᠡ ᠠᠭᠤᠰᠬᠠᠬᠤ ᠪᠠᠲᠤᠯᠠᠭ᠎ᠠ ᠶᠢᠨ ᠺᠤᠮᠫᠠᠨᠢ ᠳᠠᠩᠰᠠᠯᠠᠬᠤ ᠡᠬᠡ ᠪᠡᠯᠡ ᠶᠢ ᠨᠡᠮᠡᠬᠦ ᠵᠡᠷᠭᠡ ᠤᠴᠢᠷ ᠵᠦᠢᠯᠡᠰ ᠢ | ᠰᠤᠳᠤᠯᠤᠨ ᠶᠠᠷᠢᠯᠴᠠᠪᠠ᠃ ᠳᠠᠷᠠᠭ᠎ᠠ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | | | ᠬᠤᠷᠠᠯ ᠠᠴᠠ ᠴᠢᠬᠤᠯᠠᠴᠢᠯᠠᠭᠰᠠᠨ ᠨᠢ ᠲᠣᠭᠤᠷᠢᠨ ᠪᠠᠶᠢᠴᠠᠭᠠᠯᠲᠠ ᠶᠢᠨ ᠳᠠᠷᠠᠭᠠᠬᠢ ᠴᠡᠭᠴᠡᠯᠡᠨ ᠵᠠᠰᠠᠯᠲᠠ ᠶᠢ | ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠣᠯᠭᠠᠮ᠎ᠠ ᠰᠡᠳᠬᠢᠯᠭᠡ ᠪᠠᠨ ᠦᠨᠡᠨᠬᠦ ᠨᠡᠮᠡᠭᠳᠡᠭᠦᠯᠵᠦ᠂ | ᠴᠡᠭᠴᠡᠯᠡᠨ ᠵᠠᠰᠠᠯᠲᠠ ᠶᠢᠨ ᠬᠦᠴᠦᠯᠡᠴᠡ ᠪᠠᠨ ᠨᠡᠮᠡᠭᠳᠡᠭᠦᠯᠦᠨ᠂ ᠲᠣᠭᠤᠷᠢᠨ ᠪᠠᠶᠢᠴᠠᠭᠠᠯᠲᠠ ᠶᠢᠨ ᠳᠠᠷᠠᠭᠠᠬᠢ | ᠴᠡᠭᠴᠡᠯᠡᠨ ᠵᠠᠰᠠᠯᠲᠠ ᠶᠢᠨ ᠡᠯ᠎ᠡ ᠲᠦᠷᠦᠯ ᠤᠨ ᠡᠭᠦᠷᠭᠡ ᠶᠢ ᠪᠤᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠲᠠᠢ | ᠠᠬᠢᠭᠤᠯᠬᠤ ᠬᠡᠷᠡᠭᠲᠡᠢ᠃ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠰᠠᠯᠠᠭ᠎ᠠ ᠮᠦᠴᠢᠷ | ᠤᠬᠠᠮᠰᠠᠷ ᠠᠴᠠ ᠪᠠᠨ ᠢᠳᠡᠪᠬᠢᠲᠡᠢ ᠠᠵᠢᠯᠯᠠᠵᠤ᠂ ᠤᠬᠠᠮᠰᠠᠷ ᠠᠴᠠ ᠪᠠᠨ ᠤᠷᠢᠳᠴᠢᠯᠡᠨ ᠪᠡᠶᠡᠯᠡᠭᠦᠯᠵᠦ | ᠵᠠᠭᠠᠯᠳᠤᠯᠭ᠎ᠠ ᠶᠢ ᠪᠠᠭᠠᠰᠬᠠᠬᠤ᠂ ᠤᠴᠢᠷ ᠤᠨ ᠡᠮᠦᠨᠡᠬᠢ᠂ ᠶᠠᠪᠤᠴᠠ ᠳᠠᠬᠢ᠂ ᠬᠤᠶᠢᠨᠡᠬᠢ ᠬᠢᠨᠠᠨ ᠬᠠᠮᠢᠶᠠᠷᠤᠯᠲᠠ ᠶᠢᠨ | ᠠᠷᠭ᠎ᠠ ᠬᠡᠮᠵᠢᠶ᠎ᠡ ᠶᠢ ᠢᠳᠡᠪᠬᠢᠲᠡᠢ ᠰᠤᠳᠤᠯᠵᠤ ᠬᠡᠷᠡᠭᠵᠢᠭᠦᠯᠦᠨ ᠂ ᠠᠵᠢᠯ ᠶᠠᠪᠤᠳᠠᠯ ᠰᠢᠢᠳᠪᠦᠷᠢᠯᠡᠬᠦ ᠴᠢᠨᠠᠷ ᠴᠢᠨᠰᠠᠭ᠎ᠠ | ᠥᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠵᠦ᠂ ︽ᠭᠤᠷᠪᠠᠨ ᠨᠤᠷᠮ᠎ᠠ︾ ᠶᠢ ᠪᠠᠷᠢᠮᠵᠢᠶᠠᠨ ᠳᠤ ᠬᠦᠷᠭᠡᠬᠦ ᠬᠡᠷᠡᠭᠲᠡᠢ᠃ | ᠠᠷᠠᠳ ᠤᠨ ᠠᠮᠢᠳᠤᠷᠠᠯ ᠤᠨ ᠪᠣᠳᠠᠲᠤ ᠤᠴᠢᠷ ᠢ ᠡᠷᠲᠡ ᠨᠠᠶᠢᠳᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ᠠᠷᠠᠳ | ᠣᠯᠠᠨ ᠳᠤ ᠡᠷᠲᠡᠬᠡᠨ ᠠᠰᠢᠭ ᠬᠦᠷᠲᠡᠭᠡᠬᠦ ᠬᠡᠷᠡᠭᠲᠡᠢ᠃ ᠠᠰᠠᠭᠤᠳᠠᠯ ᠤᠨ ᠨᠠᠷᠢᠨ ᠳᠠᠩᠰᠠ ᠲᠠᠢ ᠬᠠᠷᠠᠭᠠᠯᠵᠠᠭᠤᠯᠵᠤ᠂ | ᠨᠢᠭᠡ ᠨᠢᠭᠡ ᠪᠠᠷ ᠰᠢᠯᠤᠭᠤᠳᠬᠠᠨ ᠰᠢᠢᠳᠪᠦᠷᠢᠯᠡᠵᠦ᠂ ᠨᠢᠭᠡᠳ ᠨᠢᠭᠡ ᠪᠠᠷ ᠬᠢᠨᠠᠨ ᠬᠠᠷᠭᠤᠭᠤᠯᠵᠤ᠂ ᠠᠰᠠᠭᠤᠳᠠᠯ ᠢ | ᠴᠠᠭ ᠲᠤᠬᠠᠢ ᠳᠤ ᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ | ᠭᠤᠣᠯ ᠤᠨ ᠭᠤᠯᠳᠤᠷᠢᠯ ᠳᠤ ᠬᠠᠤᠯᠢ ᠪᠤᠰᠤ ᠪᠠᠷ ᠲᠠᠷᠢᠬᠤ ᠠᠵᠢᠯᠯᠠᠭ᠎ᠠ ᠶᠢ ᠴᠢᠩᠭ᠎ᠠ ᠬᠢᠨᠠᠨ ᠡᠵᠡᠮᠳᠡᠵᠦ᠂ ︽ | ᠭᠤᠯᠳᠤᠷᠢᠯ ᠢ ᠴᠡᠪᠡᠷᠯᠡᠬᠦ︾ ᠠᠵᠢᠯᠯᠠᠭᠠᠨ ᠤ ᠪᠤᠳᠠᠲᠤ ᠥᠷ᠎ᠡ ᠠᠰᠢᠭ ᠢ ᠪᠠᠲᠤᠯᠠᠬᠤ ᠬᠡᠷᠡᠭᠲᠡᠢ᠃ ᠲᠠᠬᠢᠨ | ᠶᠠᠳᠠᠭᠤᠷᠠᠬᠤ ᠶᠢ ᠴᠢᠩᠭ᠎ᠠ ᠰᠡᠷᠭᠡᠶᠢᠯᠡᠵᠦ᠂ ᠬᠠᠪᠰᠤᠷᠤᠨ ᠳᠡᠳᠬᠦᠬᠦ ᠠᠵᠢᠯ ᠤᠨ ᠬᠢᠨᠠᠯᠲᠠ ᠶᠢ ᠰᠠᠶᠢᠲᠤᠷ ᠬᠢᠬᠦ | ᠬᠡᠷᠡᠭᠲᠡᠢ᠃ ᠲᠡᠮᠦᠷ ᠵᠠᠮ ᠳᠠᠭᠠᠤ ᠠᠶᠦᠯᠭᠦᠢ ᠣᠷᠴᠢᠨ ᠢ ᠪᠠᠲᠤᠯᠠᠬᠤ ᠴᠡᠭᠴᠡᠯᠡᠨ ᠵᠠᠰᠠᠬᠤ ᠬᠠᠷᠢᠭᠤᠴᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠠᠭ ᠵᠠᠩᠭᠢ ᠶᠢ ᠬᠠᠮᠲᠤᠪᠡᠷ ᠡᠳ᠋ᠯᠡᠬᠦ ᠪᠠ ᠬᠠᠷᠢᠯᠴᠠᠨ ᠨᠡᠪᠲᠡᠷᠡᠯᠴᠡᠵᠦ | ᠬᠠᠷᠢᠯᠴᠠᠨ ᠬᠠᠮᠵᠢᠯᠴᠠᠬᠤ ᠶᠢ ᠴᠢᠩᠭᠠᠳᠬᠠᠨ᠂ ᠲᠡᠮᠦᠷ ᠵᠠᠮ ᠤᠨ ᠠᠶᠦᠯᠭᠦᠢ ᠶᠢ ᠰᠦᠷᠳᠡᠭᠦᠯᠬᠦ ᠠᠰᠠᠭᠤᠳᠠᠯ ᠭᠡᠮ | ᠰᠣᠭᠤᠭ ᠢ ᠲᠣᠬᠢᠲᠠᠢ ᠰᠢᠢᠳᠪᠦᠷᠢᠯᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠳᠠᠷᠤᠶᠢᠬᠠᠨ ᠰᠢᠢᠳᠪᠦᠷᠢᠯᠡᠵᠦ᠂ | ᠰᠢᠨ᠎ᠡ ᠠᠰᠠᠭᠤᠳᠠᠯ ᠭᠠᠷᠬᠤ ᠶᠢ ᠴᠢᠩᠭ᠎ᠠ ᠰᠡᠷᠭᠡᠶᠢᠯᠡᠨ᠂ ᠠᠶᠦᠯᠭᠦᠢ ᠲᠦᠭᠰᠢᠭᠦᠷᠢ ᠶᠢ ᠨᠠᠮᠬᠠᠳᠬᠠᠨ᠂ ᠲᠡᠮᠦᠷ ᠵᠠᠮ | ᠳᠠᠭᠠᠤ ᠶᠢᠨ ᠠᠶᠦᠯᠭᠦᠢ ᠣᠷᠴᠢᠨ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠮᠦᠩᠭᠦᠨ ᠭᠦᠢᠯᠭᠡᠭᠡᠨ ᠤ | ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠳᠣᠮᠳᠠ ᠪᠠᠭ᠎ᠠ ᠠᠵᠤ ᠠᠬᠤᠶᠢᠯᠠᠯ ᠤᠨ | ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ᠃ ᠡᠭᠦᠨ ᠤ ᠬᠠᠮᠲᠤ᠂ ᠲᠦᠭᠰᠢᠭᠦᠷᠢ ᠶᠢᠨ | ᠬᠠᠮᠢᠶᠠᠷᠤᠯᠲᠠ ᠵᠢᠴᠢ ᠲᠣᠲᠤᠭᠠᠳᠤ ᠡᠵᠡᠮᠰᠢᠯ ᠤᠨ ᠳᠥᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠪᠠᠲᠤᠯᠠᠭ᠎ᠠ ᠶᠢᠨ ᠠᠵᠢᠯ ᠶᠠᠪᠤᠳᠠᠯ ᠢ ᠳᠥᠷᠢᠮ ᠶᠤᠰᠤᠭᠠᠷ ᠯᠠᠪᠳᠠᠭᠤᠨ ᠪᠠᠲᠤᠲᠠᠢ ᠠᠵᠢᠯᠯᠠᠭᠤᠯᠬᠤ ᠶᠢ ᠪᠠᠲᠤᠯᠠᠬᠤ | ᠬᠡᠷᠡᠭᠲᠡᠢ᠃ | | | | | | | ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ | 2025 ᠣᠨ ᠤ 3 ᠰᠠᠷ᠎ᠠ ᠶᠢᠨ 7 ᠤ ᠡᠳᠦᠷ | | | | | | | | | | | | | | | | | | | | | | ᠁ |