| | 2 ᠰᠠᠷ᠎ᠠ ᠶᠢᠨ 10 ᠤ ᠡᠳᠦᠷ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠣᠣ ᠯᠠᠨ ᠭᠤᠸᠠᠩ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ | ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ | ᠣᠷᠳᠣᠨ ᠤ ᠤᠳᠤᠷᠢᠳᠬᠤ ᠪᠠᠭ ᠤᠨ ᠬᠡᠰᠢᠭᠦᠳ ᠬᠤᠷᠠᠯ ᠳᠤ ᠣᠷᠣᠯᠴᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠨ ᠨᠦᠬᠦᠳ ᠬᠤᠷᠠᠯ ᠳᠤ ᠰᠤᠯᠠ ᠣᠷᠣᠯᠴᠠᠪᠠ᠃ | | | ᠬᠤᠷᠠᠯ ᠳᠤ ᠬᠤᠩᠱᠠᠨ ᠲᠣᠭᠤᠷᠢᠭ ᠤᠨ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠴᠢᠬᠤᠯᠠ ᠶᠡᠭᠡ ᠲᠦᠷᠦᠯ ᠵᠦᠢᠯ ᠢ ᠲᠦᠰᠦᠪᠯᠡᠬᠦ ᠠᠵᠢᠯᠯᠠᠭᠠᠨ ᠪᠠ ᠬᠤᠲᠠ ᠶᠢᠨ ᠨᠠᠮ ᠤᠨ ᠬᠤᠷᠢᠶᠠᠨ ᠤ ᠴᠢᠬᠤᠯᠠ | ᠶᠡᠭᠡ ᠲᠥᠷᠦᠯ ᠵᠦᠢᠯ ᠢ ᠬᠦᠲᠦᠯᠦᠨ ᠵᠢᠯᠤᠭᠤᠳᠬᠤ ᠠᠵᠢᠯᠯᠠᠭᠠᠨ ᠤ ᠣᠨ ᠤ ᠠᠵᠢᠯ ᠢ ᠨᠠᠶᠢᠳᠠᠪᠤᠷᠢᠵᠢᠭᠤᠯᠬᠤ | ᠲᠥᠰᠦᠯ︾ ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠤ ᠠᠬᠤᠶᠢᠯᠠᠯ ᠢ ᠳᠡᠮᠵᠢᠬᠦ | ᠠᠵᠢᠯᠯᠠᠭᠠᠨ ᠤ ᠣᠨ ᠤ ᠠᠵᠢᠯ ᠢ ᠨᠠᠶᠢᠳᠠᠪᠤᠷᠢᠵᠢᠭᠤᠯᠬᠤ ᠲᠥᠰᠦᠯ︾ ᠂ ︽ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠵᠢᠯ ᠣᠯᠭᠤᠯᠲᠠ ᠶᠢ ᠠᠬᠢᠭᠤᠯᠬᠤ ᠠᠵᠢᠯ ᠢ ᠨᠠᠶᠢᠳᠠᠪᠤᠷᠢᠵᠢᠭᠤᠯᠬᠤ ᠲᠥᠰᠦᠯ︾ ᠂ ︽ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠰᠤ ᠠᠷᠪᠢᠯᠠᠬᠤ ᠠᠵᠢᠯᠯᠠᠭᠠᠨ ᠤ ᠣᠨ ᠤ ᠠᠵᠢᠯ ᠢ | ᠨᠠᠶᠢᠳᠠᠪᠤᠷᠢᠵᠢᠭᠤᠯᠬᠤ ᠲᠥᠰᠦᠯ︾ ᠂ ︽ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠷᠣᠨ | ᠬᠡᠴᠡ ᠶᠢᠨ ᠬᠠᠮᠵᠢᠯᠴᠠᠭᠠᠨ ᠢ ᠭᠦᠨᠵᠡᠭᠡᠶᠢᠷᠡᠭᠦᠯᠬᠦ ᠠᠵᠢᠯᠯᠠᠭᠠᠨ ᠤ ᠣᠨ ᠤ ᠠᠵᠢᠯ ᠢ ᠨᠠᠶᠢᠳᠠᠪᠤᠷᠢᠵᠢᠭᠤᠯᠬᠤ ᠲᠥᠰᠦᠯ | ︾᠂ ︽ ᠬᠤᠲᠠ ᠶᠢᠨ ᠨᠠᠮ ᠤᠨ ᠬᠤᠷᠢᠶᠠᠨ ᠤ ᠠᠵᠤ ᠦᠢᠯᠡᠳᠪᠦᠷᠢᠯᠡᠯ ᠢ ᠲᠠᠬᠢᠨ ᠦᠰᠬᠡᠬᠦ ᠠᠵᠢᠯᠯᠠᠭᠠᠨ ᠤ ᠣᠨ ᠤ | ᠠᠵᠢᠯ ᠢ ᠨᠠᠶᠢᠳᠠᠪᠤᠷᠢᠵᠢᠭᠤᠯᠬᠤ ᠲᠥᠰᠦᠯ︾᠂ ︽ ᠬᠤᠲᠠ ᠶᠢᠨ ᠨᠠᠮ ᠤᠨ ᠬᠤᠷᠢᠶᠠᠨ ᠤ ᠠᠭᠤᠷᠬᠠᠢ ᠬᠠᠶᠢᠬᠤ | ᠠᠵᠢᠯᠯᠠᠭᠠᠨ ᠤ ᠣᠨ ᠤ ᠠᠵᠢᠯ ᠢ ᠨᠠᠶᠢᠳᠠᠪᠤᠷᠢᠵᠢᠭᠤᠯᠬᠤ ᠲᠥᠰᠦᠯ︾᠂ ︽ ᠤᠯᠠᠭᠠᠨᠬᠠᠳᠠ ᠬᠤᠲᠠ ᠶᠢᠨ ᠨᠠᠮ ᠤᠨ | ᠬᠤᠷᠢᠶᠠᠨ ᠤ ᠬᠥᠳᠡᠭᠡ ᠲᠣᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠠᠵᠢᠯᠯᠠᠭᠠᠨ ᠤ ᠣᠨ ᠤ ᠠᠵᠢᠯ ᠢ | ᠨᠠᠶᠢᠳᠠᠪᠤᠷᠢᠵᠢᠭᠤᠯᠬᠤ ᠲᠥᠰᠦᠯ︾᠂ ︽ᠬᠤᠲᠠ ᠶᠢᠨ ᠨᠠᠮ ᠤᠨ ᠬᠤᠷᠢᠶᠠᠨ ᠤ ᠰᠤᠶᠤᠯ ᠵᠢᠭᠤᠯᠴᠢᠯᠠᠯ ᠲᠠᠮᠢᠷ | ᠲᠠᠷᠢᠶᠠᠯᠠᠩ ᠠᠷᠠᠯᠵᠢᠶ᠎ᠠ ᠶᠢ ᠠᠭᠤᠰᠤᠯᠴᠠᠭᠤᠯᠤᠨ ᠬᠥᠭᠵᠢᠭᠦᠯᠬᠦ ᠠᠵᠢᠯᠯᠠᠭᠠᠨ ᠤ ᠣᠨ ᠤ ᠠᠵᠢᠯ ᠢ | ᠨᠠᠶᠢᠳᠠᠪᠤᠷᠢᠵᠢᠭᠤᠯᠬᠤ ᠲᠥᠰᠦᠯ︾᠂ ︽ ᠬᠤᠲᠠ ᠶᠢᠨ ᠨᠠᠮ ᠤᠨ ᠬᠤᠷᠢᠶᠠᠨ ᠤ ᠰᠢᠨᠵᠢᠯᠡᠭᠡ ᠮᠡᠷᠭᠡᠵᠢᠯ ᠤᠨ | ᠰᠢᠪᠲᠤᠯᠤᠯᠲᠠ ᠶᠢᠨ ᠠᠵᠢᠯᠯᠠᠭᠠᠨ ᠤ ᠣᠨ ᠤ ᠠᠵᠢᠯ ᠢ ᠨᠠᠶᠢᠳᠠᠪᠤᠷᠢᠵᠢᠭᠤᠯᠬᠤ ᠲᠥᠰᠦᠯ︾ ᠂ ︽ ᠬᠤᠲᠠ ᠶᠢᠨ | ᠨᠠᠮ ᠤᠨ ᠬᠤᠷᠢᠶᠠᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠦᠷᠭᠡᠳᠬᠡᠬᠦ ᠠᠵᠢᠯᠯᠠᠭᠠᠨ ᠤ ᠣᠨ ᠤ ᠠᠵᠢᠯ ᠢ | ᠨᠠᠶᠢᠳᠠᠪᠤᠷᠢᠵᠢᠭᠤᠯᠬᠤ ᠲᠥᠰᠦᠯ︾᠂ ︽ ᠬᠤᠲᠠ ᠶᠢᠨ ᠨᠠᠮ ᠤᠨ ᠬᠤᠷᠢᠶᠠᠨ ᠤ ᠬᠤᠲᠠ ᠶᠢᠨ ᠴᠢᠳᠠᠮᠵᠢ ᠶᠢ ᠳᠡᠰ | ᠳᠡᠪᠰᠢᠭᠦᠯᠬᠦ ᠠᠵᠢᠯᠯᠠᠭᠠᠨ ᠤ ᠣᠨ ᠤ ᠠᠵᠢᠯ ᠢ ᠨᠠᠶᠢᠳᠠᠪᠤᠷᠢᠵᠢᠭᠤᠯᠬᠤ ᠲᠥᠰᠦᠯ︾᠂ ︽ᠬᠤᠲᠠ ᠶᠢᠨ ᠨᠠᠮ ᠤᠨ | ᠬᠤᠷᠢᠶᠠᠨ ᠤ ᠰᠣᠷᠭᠠᠨ ᠬᠦᠮᠦᠵᠢᠯ ᠡᠮ ᠡᠮᠨᠡᠯᠭᠡ ᠶᠢᠨ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭᠠᠨ ᠤ ᠣᠨ ᠤ | ᠠᠵᠢᠯ ᠢ ᠨᠠᠶᠢᠳᠠᠪᠤᠷᠢᠵᠢᠭᠤᠯᠬᠤ ᠲᠥᠰᠦᠯ ︾᠂ ︽ᠬᠤᠲᠠ ᠶᠢᠨ ᠨᠠᠮ ᠤᠨ ᠬᠤᠷᠢᠶᠠᠨ ᠤ ᠬᠤᠶᠠᠷ ᠶᠡᠭᠡ ᠡᠯᠡᠰᠦ ᠶᠢ | ᠵᠠᠰᠠᠬᠤ ᠰᠢᠪᠲᠤᠯᠤᠯᠲᠠ ᠶᠢᠨ ᠠᠵᠢᠯᠯᠠᠭᠠᠨ ᠤ ᠣᠨ ᠤ ᠠᠵᠢᠯ ᠢ ᠨᠠᠶᠢᠳᠠᠪᠤᠷᠢᠵᠢᠭᠤᠯᠬᠤ ᠲᠥᠰᠦᠯ︾ ᠢ ᠬᠢᠨᠠᠨ | ᠵᠥᠪᠯᠡᠪᠡ᠃ | | | ᠬᠤᠷᠠᠯ ᠠᠴᠠ ᠴᠢᠬᠤᠯᠠᠴᠢᠯᠠᠭᠰᠠᠨ ᠨᠢ ᠲᠣᠭᠤᠷᠢᠭ ᠢᠶᠠᠷ ᠢᠶᠠᠨ ᠳᠡᠭᠡᠷ᠎ᠡ ᠲᠣᠣᠷ᠎ᠠ ᠱᠠᠲᠤ ᠲᠠᠷᠤᠶᠢᠬᠠᠨ | ᠠᠵᠢᠯ ᠤᠨ ᠪᠠᠶᠢᠳᠠᠯ ᠳᠠᠭᠠᠨ ᠤᠷᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠷᠭᠤᠭᠠᠨ | ᠠᠵᠢᠯᠯᠠᠭ᠎ᠠ︾ ᠪᠠ ᠤᠯᠠᠭᠠᠨᠬᠠᠳᠠ ᠬᠤᠲᠠ ᠶᠢᠨ ︽ᠠᠷᠪᠠᠨ ᠶᠡᠭᠡ ᠠᠵᠢᠯᠯᠠᠭᠠᠨ︾ ᠢ ᠲᠥᠪᠯᠡᠷᠡᠭᠦᠯᠦᠨ | ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠪᠠᠶᠢᠷᠢ ᠲᠣᠭᠲᠠᠭᠠᠯᠲᠠ ᠪᠠᠨ ᠣᠯᠵᠤ᠂ ᠭᠠᠷᠳᠠᠴᠠ ᠪᠠᠨ ᠠᠳᠬᠤᠵᠤ᠂ | ᠡᠭᠦᠷᠭᠡ ᠪᠠᠨ ᠣᠯᠵᠤ᠂ ᠦᠷᠭᠦᠯᠵᠢᠯᠡᠨ ᠴᠢᠷᠮᠠᠶᠢᠵᠤ᠂ ᠡᠬᠢᠨ ᠠᠴᠠ ᠨᠢ ᠠᠳᠬᠤᠨ᠂ ᠦᠨᠡᠨ ᠪᠣᠲᠠᠲᠠᠢ | ᠠᠵᠢᠯ ᠤᠨ ᠪᠦᠲᠦᠮᠵᠢ ᠪᠠᠷ ᠢᠶᠠᠨ ᠣᠷᠣᠨ᠂ ᠬᠤᠲᠠ ᠶᠢᠨ ᠬᠦᠭᠵᠢᠯᠲᠡ ᠶᠢᠨ ᠶᠡᠭᠡ ᠬᠠᠨᠳᠤᠰᠢ ᠳᠤ ᠬᠦᠴᠦᠨ | ᠵᠢᠳᠬᠦᠯ ᠦᠵᠡᠭᠦᠯᠬᠦ ᠬᠡᠷᠡᠭᠲᠡᠢ᠃ | ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ | 2025 ᠣᠨ ᠤ 02 ᠰᠠᠷ᠎ᠠ ᠶᠢᠨ 12 ᠤᠨ ᠡᠳᠦᠷ | | | | | | | | | | | | ᠁ |