| | 1 ᠰᠠᠷ᠎ᠠ ᠶᠢᠨ 11 ᠤ ᠡᠳᠦᠷ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ | ᠲᠣᠭᠤᠷᠢᠭ ᠤᠨ ᠳᠠᠷᠤᠭ᠎ᠠ ᠵᠤᠤ ᠯᠠᠨ ᠭᠤᠸᠠᠩ ᠬᠤᠩᠱᠠᠨ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ | ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠵᠠᠰᠠᠭ ᠤᠨ | ᠣᠷᠳᠣᠨ ᠤ ᠨᠠᠮ ᠤᠨ ᠳᠣᠭᠤᠶᠢᠯᠠᠩ ᠤᠨ ᠬᠡᠰᠢᠭᠦᠳ ᠬᠤᠷᠠᠯ ᠳᠤ ᠣᠷᠣᠯᠴᠠᠵᠤ᠂ ᠬᠠᠮᠢᠶ᠎ᠠ ᠪᠦᠬᠦᠢ ᠰᠠᠯᠠᠭ᠎ᠠ | ᠮᠦᠢᠴᠷ ᠤᠨ ᠬᠠᠷᠢᠭᠤᠴᠠᠯᠭᠠᠲᠠᠨ ᠨᠦᠬᠦᠳ ᠬᠤᠷᠠᠯ ᠳᠤ ᠰᠤᠯᠠ ᠣᠷᠣᠯᠴᠠᠪᠠ᠃ | | | ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ︽ ᠬᠤᠩᠱᠠᠨ ᠲᠣᠭᠤᠷᠢᠭ ᠤᠨ | ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ︵ᠬᠢᠨᠠᠨ ᠵᠥᠪᠯᠡᠬᠦ ᠨᠤᠤᠷᠠᠭ︶︾ ︽ᠬᠤᠩᠱᠠᠨ ᠲᠣᠭᠤᠷᠢᠭ ᠤᠨ | 2024 ᠣᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ 2025 ᠣᠨ ᠤ ᠡᠳ᠋ ᠤᠨ | ᠵᠠᠰᠠᠭ ᠤᠨ ᠲᠥᠰᠦᠪ ᠤᠨ ᠲᠥᠰᠦᠯ ︵ᠬᠢᠨᠠᠨ ᠵᠥᠪᠯᠡᠬᠦ ᠨᠤᠤᠷᠠᠭ︶︾᠂ ︽ ᠬᠤᠩᠱᠠᠨ ᠲᠣᠭᠤᠷᠢᠭ ᠤᠨ 2024 | ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠥᠯᠦᠪᠯᠡᠭᠡ ᠶᠢ ᠬᠡᠷᠡᠭᠵᠢᠭᠦᠯᠦᠭᠰᠡᠨ | ᠪᠠᠶᠢᠳᠠᠯ ᠵᠢᠴᠢ 2025 ᠣᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ | ᠲᠥᠯᠦᠪᠯᠡᠭᠡ ᠶᠢᠨ ᠲᠥᠰᠦᠯ ︵ᠬᠢᠨᠠᠨ ᠵᠥᠪᠯᠡᠬᠦ ᠨᠤᠤᠷᠠᠭ︶︾ ᠢ ᠬᠢᠨᠠᠨ ᠵᠥᠪᠯᠡᠵᠦ᠂ 2025 ᠣᠨ ᠤ | ᠬᠡᠷᠡᠭᠵᠢᠭᠦᠯᠬᠦ ᠪᠠᠷ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠤᠴᠢᠷ ᠤᠨ ᠲᠦᠷᠦᠯ ᠵᠦᠢᠯ ᠤᠨ ᠬᠠᠷᠢᠭᠤ | ᠮᠡᠳᠡᠭᠦᠯᠦᠯᠲᠡ ᠶᠢ ᠰᠤᠨᠤᠰᠪᠠ᠃ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠳᠣᠭᠤᠶᠢᠯᠠᠩ ᠤᠨ ᠬᠤᠷᠠᠯ ᠳᠤ | ᠪᠦᠲᠦᠭᠡᠨ ᠪᠠᠶᠢᠭᠤᠯᠤᠯᠲᠠ ᠶᠢᠨ ᠡᠨᠧᠷᠭᠢ ᠠᠷᠪᠢᠯᠠᠬᠤ ᠦᠭᠡᠷᠡᠴᠢᠯᠡᠯᠲᠡ ᠶᠢᠨ ᠲᠤᠬᠠᠢ ᠤᠴᠢᠷ ᠵᠦᠢᠯᠡᠰ ᠢ ᠰᠤᠳᠤᠯᠤᠨ | ᠶᠠᠷᠢᠯᠴᠠᠵᠤ᠂ ᠳᠠᠷᠠᠭ᠎ᠠ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠰᠢᠭᠤᠯᠪᠠ᠃ | | | ᠬᠤᠷᠠᠯ ᠠᠴᠠ ᠴᠢᠬᠤᠯᠠᠴᠢᠯᠠᠭᠰᠠᠨ ᠨᠢ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠠᠶᠢᠵᠤ᠂ ᠪᠠᠰᠠᠴᠤ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠲᠥᠰᠦᠪᠯᠡᠨ ᠪᠠᠶᠢᠷᠢᠰᠢᠭᠤᠯᠬᠤ ᠵᠢᠯ ᠮᠦᠨ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ | ᠬᠠᠷᠢᠭᠤᠴᠠᠯᠭ᠎ᠠ ᠶᠡᠭᠡ᠂ ᠡᠭᠦᠷᠭᠡ ᠬᠦᠨᠳᠦ᠃ ᠳᠡᠭᠡᠷ᠎ᠡ ᠱᠠᠲᠤᠨ ᠤ ᠬᠠᠮᠢᠶ᠎ᠠ ᠪᠦᠬᠦᠢ ᠴᠢᠬᠤᠯᠠ ᠬᠤᠷᠠᠯ ᠤᠨ ᠵᠣᠷᠢᠭ | ᠰᠠᠨᠠᠭ᠎ᠠ ᠪᠠ ᠬᠠᠮᠤᠭ ᠰᠢᠨ᠎ᠡ ᠲᠥᠷᠦ ᠶᠢᠨ ᠪᠣᠳᠤᠯᠭ᠎ᠠ ᠲᠠᠢ ᠨᠢᠭᠲᠠ ᠤᠶᠠᠯᠳᠤᠭᠤᠯᠤᠨ ᠡᠯ᠎ᠡ ᠡᠲᠡᠭᠡᠳ ᠤᠨ ᠰᠠᠨᠠᠯ ᠢ | ᠭᠦᠢᠴᠡᠳ ᠬᠤᠷᠢᠶᠠᠵᠤ᠂ ︽ᠬᠤᠩᠱᠠᠨ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ︾ ᠪᠠ | ︽ᠬᠤᠩᠱᠠᠨ ᠲᠣᠭᠤᠷᠢᠭ ᠤᠨ 2024 ᠣᠨ ᠤ ᠡᠳ᠋ ᠤᠨ ᠵᠠᠰᠠᠭ ᠤᠨ ᠲᠦᠰᠦᠪ ᠢ ᠬᠡᠷᠡᠭᠵᠢᠭᠦᠯᠦᠭᠰᠡᠨ ᠪᠠᠶᠢᠳᠠᠯ ᠪᠠ | 2025 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ︾᠂ ︽ᠬᠤᠩᠱᠠᠨ ᠲᠣᠭᠤᠷᠢᠭ ᠤᠨ 2024 | ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠥᠯᠦᠪᠯᠡᠭᠡ ᠶᠢ ᠬᠡᠷᠡᠭᠵᠢᠭᠦᠯᠦᠭᠰᠡᠨ | ᠪᠠᠶᠢᠳᠠᠯ ᠵᠢᠴᠢ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ | ᠲᠥᠯᠦᠪᠯᠡᠭᠡ ᠶᠢᠨ ᠲᠥᠰᠦᠯ︾ ᠢ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠮᠡᠳᠡᠭᠦᠯᠦᠯᠲᠡ ᠪᠠ | ᠲᠥᠰᠦᠯ ᠢ ᠬᠤᠩᠱᠠᠨ ᠲᠣᠭᠤᠷᠢᠭ ᠤᠨ ᠬᠦᠭᠵᠢᠯᠲᠡ ᠶᠢᠨ ᠪᠤᠲᠠᠲᠤ ᠪᠠᠶᠢᠳᠠᠯ ᠪᠠ ᠤᠯᠠᠨ ᠲᠥᠮᠡᠨ ᠤ ᠬᠦᠰᠡᠯ | ᠡᠷᠡᠮᠡᠯᠵᠡᠯ ᠳᠤ ᠨᠡᠩ ᠰᠠᠶᠢᠨ ᠨᠡᠶᠢᠴᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠦᠯ | ᠵᠦᠢᠯ ᠤᠨ ᠬᠠᠮᠢᠶᠠᠷᠤᠯᠲᠠ ᠶᠢ ᠳᠥᠷᠢᠮᠵᠢᠭᠦᠯᠦᠨ᠂ ᠪᠡᠯᠡ ᠣᠷᠣᠭᠤᠯᠤᠯᠲᠠ ᠶᠢ ᠡᠵᠡᠮᠳᠡᠬᠦ ᠲᠣᠭᠲᠠᠴᠠ ᠶᠢ | ᠰᠢᠯᠢᠳᠡᠭᠵᠢᠭᠦᠯᠵᠦ᠂ ᠲᠥᠷᠦᠯ ᠵᠦᠢᠯ ᠤᠨ ᠬᠠᠮᠢᠶᠠᠷᠤᠯᠲᠠ ᠶᠢᠨ ᠬᠢᠷᠢ ᠲᠥᠪᠰᠢᠨ ᠪᠠ ᠪᠡᠯᠡ ᠣᠷᠣᠭᠤᠯᠤᠯᠲᠠ ᠶᠢᠨ | ᠥᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠂ ᠭᠠᠵᠠᠷ ᠰᠢᠷᠤᠢ ᠶᠢᠨ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠬᠤ ᠪᠠ ᠥᠨᠳᠦᠷ ᠥᠷ᠎ᠡ ᠠᠰᠢᠭ ᠲᠠᠢ ᠪᠠᠷ ᠲᠥᠪᠯᠡᠷᠡᠭᠦᠯᠦᠨ ᠠᠰᠢᠭᠯᠠᠬᠤ ᠶᠢ | ᠠᠬᠢᠭᠤᠯᠵᠤ᠂ ᠲᠥᠷᠦᠯ ᠵᠦᠢᠯ ᠢ ᠪᠣᠲᠠᠲᠠᠢ ᠳᠤ ᠨᠠᠶᠢᠳᠠᠪᠤᠷᠢᠵᠢᠭᠤᠯᠬᠤ᠂ ᠲᠣᠰᠬᠤᠨ ᠠᠵᠤ ᠠᠬᠤᠶᠢᠯᠠᠯ ᠬᠤᠣᠰ | ᠢᠯᠠᠬᠤ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ 2025 ᠣᠨ ᠤ ᠭᠤᠣᠯᠳᠠᠯᠭ᠎ᠠ ᠲᠠᠢ ᠠᠷᠠᠳ ᠤᠨ | ᠠᠮᠢᠳᠤᠷᠠᠯ ᠤᠨ ᠪᠣᠲᠠᠲᠤ ᠤᠴᠢᠷ ᠤᠨ ᠲᠥᠷᠦᠯ ᠵᠦᠢᠯ ᠢ ᠰᠢᠨᠵᠢᠯᠡᠬᠦ ᠤᠬᠠᠭᠠᠨᠴᠢ ᠨᠠᠷᠢᠯᠢᠭ ᠣᠨᠤᠪᠴᠢᠲᠠᠢ | ᠲᠥᠯᠦᠪᠯᠡᠵᠦ᠂ ᠠᠷᠠᠳ ᠣᠯᠠᠨ ᠤ ᠬᠦᠰᠡᠯ ᠱᠠᠭᠠᠷᠳᠠᠯᠭ᠎ᠠ ᠶᠢ ᠵᠠᠰᠠᠭ ᠤᠨ ᠣᠷᠳᠣᠨ ᠪᠦᠬᠦ ᠬᠦᠴᠦᠨ ᠢᠶᠠᠷ ᠴᠢᠷᠮᠠᠶᠢᠨ | ᠪᠡᠶᠡᠯᠡᠭᠦᠯᠬᠦ ᠶᠢ ᠪᠠᠷᠢᠮᠲᠠᠯᠠᠨ᠂ ᠠᠷᠠᠳ ᠤᠨ ᠠᠮᠢᠳᠤᠷᠠᠯ ᠳᠤ ᠨᠡᠩ ᠣᠯᠠᠨ ᠬᠠᠷᠠᠭᠠᠯᠵᠠᠯ ᠬᠥᠷᠲᠡᠭᠡᠨ᠂ ᠠᠷᠠᠳ ᠤᠨ | ᠰᠡᠳᠬᠢᠯ ᠢ ᠲᠤᠯᠠᠭᠠᠴᠠᠭᠤᠯᠵᠤ᠂ ᠠᠷᠠᠳ ᠤᠨ ᠰᠡᠳᠬᠢᠯ ᠳᠤ ᠨᠡᠶᠢᠴᠡᠭᠰᠡᠨ ᠪᠣᠲᠠᠲᠤ ᠤᠴᠢᠷ ᠢ ᠪᠣᠲᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ᠃ | | | ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠤᠨ ᠶᠠᠷᠢᠯᠴᠠᠵᠤ ᠬᠢᠨᠠᠨ ᠵᠥᠪᠯᠡᠪᠡ᠃ | | | | | | | ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠥᠯᠵᠢᠶ᠎ᠠ | 2025 ᠣᠨ ᠤ 01 ᠰᠠᠷ᠎ᠠ ᠶᠢᠨ 13 ᠤ ᠡᠳᠦᠷ | | | | | | | | | | | | | | | | | | | | | | ᠁ |