ᠬᠤᠩᠱᠠᠨ ᠲᠣᠭᠤᠷᠢᠭ ᠤᠨ ᠵᠠᠰᠠᠭ ᠤᠨ ᠣᠷᠳᠣᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/28
       5 ᠰᠠᠷ᠎ᠠ ᠶᠢᠨ 9 ᠤ ᠡᠳᠦᠷ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠵᠠᠰᠠᠭ ᠤᠨ ᠣᠷᠳᠣᠨ ᠤ ᠪᠠᠶᠢᠩᠭᠤ ᠶᠢᠨ ᠳᠠᠷᠤᠭ᠎ᠠ ᠼᠦᠩ ᠿᠢ ᠮᠢᠨ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ ᠵᠢᠷᠭᠤᠳᠣᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂  ᠲᠣᠭᠤᠷᠢᠭ ᠤᠨ ᠵᠠᠰᠠᠭ ᠤᠨ ᠣᠷᠳᠣᠨ ᠤ ᠣᠳᠣᠷᠢᠳᠬᠤ ᠪᠠᠭ ᠤᠨ ᠭᠡᠰᠢᠭᠦᠳ ᠬᠤᠷᠠᠯ ᠳᠤ ᠣᠷᠣᠯᠴᠠᠵᠤ᠂  ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠬᠤᠷᠠᠯ ᠳᠤ ᠰᠤᠯᠠ ᠣᠷᠣᠯᠴᠠᠪᠠ᠃        ᠬᠤᠷᠠᠯ ᠳᠤ 2024 ᠣᠨ ᠤ ︽ᠭᠤᠷᠪᠠᠨ ᠲᠠᠷᠢᠶᠠᠯᠠᠩ︾ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ  2025 ᠣᠨ ᠤ ᠠᠵᠢᠯ ᠤᠨ ᠲᠣᠬᠢᠷᠠᠭᠤᠯᠤᠯᠲᠠ ᠶᠢ ᠰᠤᠨᠤᠰᠴᠤ᠂  ︽ᠬᠤᠩᠱᠠᠨ ᠲᠣᠭᠤᠷᠢᠭ ᠤᠨ ᠬᠦᠳᠡᠭᠡ ᠲᠣᠰᠬᠤᠨ ᠤ ᠦᠭᠡᠷᠡᠴᠢᠯᠡᠯᠲᠡ ᠶᠢ ᠪᠠᠲᠤᠲᠠᠢ ᠠᠬᠢᠭᠤᠯᠵᠤ᠂  ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠴᠦᠷᠬᠡᠭᠵᠢᠭᠦᠯᠦᠨ ᠮᠠᠨᠳᠤᠭᠤᠯᠬᠤ ᠠᠵᠢᠯ  ᠤᠨ ᠭᠤᠣᠯᠳᠠᠯᠭ᠎ᠠ ︵ᠬᠢᠨᠠᠨ ᠵᠥᠪᠯᠡᠬᠦ ᠨᠣᠣᠷᠠᠭ︶︾  ᠶᠢ ᠬᠢᠨᠠᠨ ᠵᠥᠪᠯᠡᠵᠦ᠂ 2024 ᠣᠨ ᠤ ᠭᠤᠣᠯ ᠤᠨ ᠳᠠᠷᠤᠭ᠎ᠠ ᠶᠢᠨ ᠳᠥᠷᠢᠮ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ 2025 ᠣᠨ ᠤ ᠠᠵᠢᠯ ᠤᠨ ᠲᠣᠬᠢᠷᠠᠭᠤᠯᠤᠯᠲᠠ᠂ ᠤᠰᠤ ᠠᠷᠪᠢᠯᠠᠬᠤ ᠠᠵᠢᠯᠯᠠᠭᠠᠨ ᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠨᠢᠭᠡᠳᠦᠭᠡᠷ ᠤᠯᠠᠷᠢᠯ ᠤᠨ ᠤᠰᠤ ᠬᠡᠷᠡᠭᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂  ︽ᠬᠤᠩᠱᠠᠨ ᠲᠣᠭᠤᠷᠢᠭ ᠤᠨ 2025 ᠣᠨ ᠤ ᠭᠤᠣᠯ ᠤᠨ ᠳᠠᠷᠤᠭ᠎ᠠ ᠶᠢᠨ ᠳᠥᠷᠢᠮ ᠤᠨ ᠠᠵᠢᠯ ᠤᠨ ᠭᠤᠣᠯᠳᠠᠯᠭ᠎ᠠ ︵ᠬᠢᠨᠠᠨ ᠵᠥᠪᠯᠡᠬᠦ  ᠨᠣᠣᠷᠠᠭ︶︾ ᠶᠢ ᠬᠢᠨᠠᠨ ᠵᠥᠪᠯᠡᠵᠦ᠂  ᠳᠠᠷᠠᠭ᠎ᠠ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ ᠱᠠᠭᠠᠷᠳᠠᠭᠰᠠᠨ ᠨᠢ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠥᠷ᠎ᠡ ᠪᠦᠲᠦᠭᠡᠯ ᠢ ᠦᠷᠭᠦᠯᠵᠢᠯᠡᠨ ᠪᠠᠲᠤᠵᠢᠭᠤᠯᠤᠨ ᠦᠷᠭᠡᠳᠬᠡᠵᠦ᠂  ᠲᠤᠰᠬᠤᠨ ᠳᠤ ᠰᠠᠭᠤᠵᠤ ᠬᠠᠪᠰᠤᠷᠬᠤ ᠶᠢ ᠴᠢᠩᠭᠠᠳᠬᠠᠨ᠂  ᠠᠷᠠᠳ ᠢ ᠪᠠᠶᠠᠵᠢᠭᠤᠯᠵᠤ ᠲᠤᠰᠬᠤᠨ ᠢ ᠬᠦᠴᠦᠷᠬᠡᠭᠵᠢᠭᠦᠯᠬᠦ ᠠᠵᠤ ᠦᠢᠯᠡᠰ ᠢ ᠶᠡᠭᠡ ᠬᠦᠴᠦᠨ ᠢᠶᠠᠷ ᠬᠦᠭᠵᠢᠭᠦᠯᠵᠦ᠂  ᠰᠤᠶᠤᠯ ᠵᠢᠭᠤᠯᠴᠢᠯᠠᠯ ᠲᠠᠮᠢᠷ ᠲᠠᠷᠢᠶᠠᠯᠠᠩ ᠠᠷᠠᠯᠵᠢᠶ᠎ᠠ ᠠᠭᠤᠰᠤᠯᠴᠠᠨ ᠬᠦᠭᠵᠢᠬᠦ ᠶᠢ ᠠᠬᠢᠭᠤᠯᠵᠤ᠂  ᠲᠠᠷᠢᠶᠠᠯᠠᠩ ᠲᠠᠢ ᠬᠤᠯᠪᠤᠭᠠᠯᠠᠵᠤ᠂  ᠲᠠᠷᠢᠶᠠᠯᠠᠩ ᠢ ᠳᠠᠭᠠᠭᠤᠯᠬᠤ ᠲᠤᠭᠲᠠᠴᠠ ᠶᠢ ᠲᠡᠭᠦᠯᠳᠡᠷᠵᠢᠭᠦᠯᠦᠨ᠂  ︽ᠨᠢᠭᠡ ᠲᠤᠰᠬᠤᠨ ᠨᠢᠭᠡ ᠲᠠᠸᠠᠷ︾ ᠢ ᠰᠠᠶᠢᠲᠤᠷ ᠬᠢᠬᠦ ᠬᠡᠷᠡᠭᠲᠡᠢ᠃  ᠬᠦᠳᠡᠭᠡ ᠲᠤᠰᠬᠤᠨ ᠤ ᠪᠥᠲᠦᠭᠡᠨ ᠪᠠᠶᠢᠭᠤᠯᠤᠯᠲᠠ ᠪᠠ ᠴᠡᠭᠴᠡᠯᠡᠨ ᠵᠠᠰᠠᠯᠲᠠ ᠶᠢᠨ ᠬᠢᠷᠢ ᠲᠥᠪᠰᠢᠨ ᠢ ᠥᠷᠭᠦᠯᠵᠢᠯᠡᠨ ᠳᠡᠭᠡᠭᠰᠢᠯᠡᠭᠦᠯᠵᠦ᠂  ᠰᠠᠭᠤᠷᠢ ᠲᠦᠬᠦᠭᠡᠷᠦᠮᠵᠢ ᠶᠢᠨ ᠲᠤᠲᠠᠭᠤᠳᠠᠯ ᠢ ᠲᠦᠷᠭᠡᠪᠴᠢᠯᠡᠨ ᠨᠦᠬᠦᠪᠦᠷᠢᠯᠡᠵᠦ᠂  ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠳᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃  ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠣᠳᠠᠭᠠᠨ ᠤ ᠠᠶᠦᠯᠭᠦᠢ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂  ᠠᠮᠤ ᠪᠣᠳᠠᠭ᠎ᠠ ᠵᠡᠷᠭᠡ ᠭᠤᠣᠯᠳᠠᠯᠭ᠎ᠠ ᠲᠠᠢ ᠲᠠᠷᠢᠶᠠᠯᠠᠩ ᠤᠨ ᠪᠦᠲᠦᠭᠡᠭᠳᠡᠭᠦᠨ ᠤ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠦᠷᠢ ᠶᠢ ᠥᠷᠭᠦᠯᠵᠢᠯᠡᠨ ᠴᠢᠩᠭᠠᠳᠬᠠᠵᠤ᠂  ᠪᠦᠬᠦ ᠵᠢᠯ ᠤᠨ ᠠᠮᠤ ᠪᠣᠳᠠᠭᠠᠨ ᠤ ᠭᠠᠷᠤᠯᠲᠠ ᠶᠢᠨ ᠬᠠᠷᠠᠯᠲᠠ ᠶᠢ ᠭᠦᠢᠴᠡᠳᠬᠡᠬᠦ ᠶᠢ ᠪᠠᠲᠤᠯᠠᠬᠤ ᠬᠡᠷᠡᠭᠲᠡᠢ᠃  ᠭᠤᠣᠯ ᠤᠨ ᠳᠠᠷᠤᠭ᠎ᠠ ᠶᠢᠨ ᠳᠥᠷᠢᠮ  ᠤᠨ ᠴᠢᠬᠤᠯᠠ ᠶᠡᠭᠡ ᠤᠯᠤᠰ ᠲᠥᠷᠦ ᠶᠢᠨ ᠬᠠᠷᠢᠭᠤᠴᠠᠯᠭ᠎ᠠ ᠶᠢ ᠲᠤᠭᠤᠰᠢᠲᠠᠢ ᠨᠠᠶᠢᠳᠠᠪᠤᠷᠢᠵᠢᠭᠤᠯᠵᠤ᠂  ᠨᠢᠭᠡᠲᠦᠯᠲᠡᠢ ᠲᠥᠯᠦᠪᠵᠢᠭᠦᠯᠦᠨ ᠵᠤᠬᠢᠴᠠᠭᠤᠯᠬᠤ᠂  ᠵᠢᠭᠠᠨ ᠵᠢᠯᠤᠭᠤᠳᠬᠤ ᠶᠢ ᠴᠢᠩᠭᠠᠳᠬᠠᠨ᠂   ᠤᠰᠤ ᠠᠷᠪᠢᠯᠠᠬᠤ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂  ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠂  ᠤᠰᠤᠨ ᠤ ᠬᠥᠪᠡᠭᠡ ᠡᠷᠭᠢ ᠶᠢᠨ ᠬᠠᠮᠢᠶᠠᠷᠤᠯᠲᠠ᠂  ᠭᠤᠣᠯ ᠤᠨ ᠤᠰᠤᠨ ᠤ ᠠᠮᠢ ᠠᠬᠤᠢ ᠶᠢ ᠰᠡᠷᠭᠦᠭᠡᠬᠦ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂  ᠭᠤᠣᠯ ᠤᠨ ᠳᠠᠷᠤᠭ᠎ᠠ ᠶᠢᠨ ᠳᠥᠷᠢᠮ ᠤᠨ ᠳᠠᠪᠠᠭᠤᠯᠢᠭ ᠢ  ᠴᠡᠭᠴᠡᠯᠡᠨ ᠵᠠᠰᠠᠯᠲᠠ ᠶᠢᠨ ᠥᠷ᠎ᠠ ᠴᠢᠳᠠᠮᠵᠢ ᠪᠣᠯᠭᠠᠬᠤ ᠬᠡᠷᠡᠭᠲᠡᠢ᠃
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号