ᠬᠤᠩᠱᠠᠨ ᠲᠣᠭᠤᠷᠢᠭ ︽ᠵᠢᠷᠭᠤᠭᠠᠨ ᠠᠵᠢᠯᠯᠠᠭᠠᠨ︾  ᠪᠠ  ︽  ᠠᠷᠪᠠᠨ ᠶᠡᠭᠡ ᠠᠵᠢᠯᠯᠠᠭᠠᠨ︾  ᠤ ᠪᠠᠶᠢᠳᠠᠯ ᠢ ᠤᠬᠠᠭᠤᠯᠵᠤ ᠮᠡᠳᠡᠭᠡᠯᠡᠬᠦ ᠠᠵᠢᠯ ᠢ ᠦᠷᠭᠦᠯᠵᠢᠯᠡᠨ ᠠᠬᠢᠭᠤᠯᠪᠠ
ᠨᠡᠶᠢᠲᠡᠯᠡᠭᠰᠡᠨ ᠴᠠᠭ᠄
2025/5/28
       ᠵᠢᠯ ᠤᠨ ᠡᠬᠢᠨ ᠠᠴᠠ ᠨᠠᠰᠢ ᠬᠤᠩᠱᠠᠨ ᠲᠣᠭᠤᠷᠢᠭ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭᠠᠨ︾  ᠪᠠ ᠤᠯᠠᠭᠠᠨᠬᠠᠳᠠ ᠬᠤᠲᠠ ᠶᠢᠨ ︽ᠠᠷᠪᠠᠨ ᠶᠡᠭᠡ ᠠᠵᠢᠯᠯᠠᠭᠠᠨ︾  ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶᠢᠷᠡᠭᠦᠯᠦᠨ ᠲᠣᠭᠤᠰᠢᠯᠠᠭᠤᠯᠵᠤ᠂  ᠣᠨ ᠤ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂  ᠤᠨᠴᠠᠯᠢᠭ ᠪᠦᠬᠦᠢ᠂ ᠳᠤᠪᠤᠶᠢᠮ᠎ᠠ ᠥᠷ᠎ᠡ ᠠᠰᠢᠭ ᠲᠠᠢ ᠠᠭ᠎ᠠ ᠠᠪᠴᠠᠯ ᠢ ᠨᠠᠷᠢᠨ ᠬᠢᠨᠠᠮᠠᠭᠠᠢ ᠠᠭᠤᠳᠠᠯᠵᠤ ᠳ᠋ᠦᠩᠨᠡᠨ᠂  ᠰᠢᠨ᠎ᠡ ᠶᠢ ᠡᠭᠦᠳᠬᠦ᠂  ᠥᠷ᠎ᠡ ᠠᠰᠢᠭ ᠳᠤᠪᠤᠶᠢᠮ᠎ᠠ᠂ ᠨᠡᠶᠢᠳᠡᠯᠢᠭ ᠲᠡᠷᠢᠭᠦᠨ ᠤ ᠠᠵᠢᠯᠯᠠᠭᠠᠨ ᠤ ᠤᠬᠠᠭᠤᠯᠭ᠎ᠠ ᠶᠢ ᠴᠢᠩᠭᠠᠳᠬᠠᠨ᠂  ᠴᠡᠭ ᠢᠶᠠᠷ ᠲᠠᠯ᠎ᠠ ᠶᠢ ᠳᠠᠶᠢᠴᠢᠯᠠᠭᠰᠠᠨ ᠠᠴᠠ ᠡᠯ᠎ᠡ ᠲᠥᠷᠦᠯ ᠤᠨ ᠠᠵᠢᠯᠯᠠᠭᠠᠨ ᠲᠠᠰᠤᠷᠠᠯᠲᠠ ᠦᠭᠡᠢ ᠰᠢᠨ᠎ᠡ ᠠᠬᠢᠯᠲᠠ᠂ ᠰᠢᠨ᠎ᠡ ᠰᠢᠪᠲᠤᠯᠤᠯᠲᠠ ᠲᠠᠢ ᠪᠣᠯᠪᠠ᠃        ᠤᠳᠤᠬᠠᠨ ᠳᠤ ᠨᠢᠭᠡᠨᠲᠡ ︽ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂  ᠬᠤᠩᠱᠠᠨ ᠰᠣᠷᠭᠠᠨ ᠬᠦᠮᠦᠵᠢᠯ ᠢ ᠤᠯᠠᠮ ᠠᠯᠳᠠᠷᠰᠢᠭᠤᠯᠬᠤ︾  ᠵᠡᠷᠭᠡ  95 ᠬᠠᠮᠢᠶ᠎ᠠ ᠪᠦᠬᠦᠢ ᠰᠣᠨᠢᠨ ᠮᠡᠳᠡᠭᠡᠨ ᠤ ᠡᠬᠡ ᠪᠢᠴᠢᠭ ᠢ ᠨᠡᠶᠢᠲᠡᠯᠡᠪᠡ᠂  ᠡᠭᠦᠨ ᠳᠤ ︽ᠴᠢᠷᠮᠠᠶᠢᠨ ᠠᠵᠢᠯᠯᠠᠵᠤ ᠵᠢᠷᠭᠤᠭᠠᠨ ᠠᠵᠢᠯᠯᠠᠭᠠᠨ ᠢ ᠦᠨᠡᠨᠬᠦ ᠨᠠᠶᠢᠳᠠᠪᠤᠷᠢᠵᠢᠭᠤᠯᠬᠤ︾᠂  ︽ᠬᠤᠩᠱᠠᠨ ᠲᠣᠭᠤᠷᠢᠭ ᠬᠦᠴᠦᠨ ᠵᠣᠷᠢᠭ ᠲᠡᠭᠦᠯᠳᠡᠷ ᠢᠶᠠᠷ ᠭᠤᠣᠯᠳᠠᠯᠭ᠎ᠠ ᠲᠠᠢ ᠲᠥᠷᠦᠯ ᠵᠦᠢᠯ ᠤᠨ ᠪᠠᠶᠢᠭᠤᠯᠤᠯᠲᠠ ᠶᠢᠨ ᠥᠷ᠎ᠡ ᠠᠰᠢᠭ ᠬᠤᠷᠳᠤᠴᠠ ᠶᠢ ᠨᠡᠮᠡᠭᠳᠡᠭᠦᠯᠪᠡ︾   ᠨᠢ ︽ᠥᠪᠥᠷ ᠮᠤᠩᠭᠤᠯ ᠤᠨ ᠡᠳᠦᠷ ᠤᠨ ᠰᠣᠨᠢᠨ︾ ᠳᠤ ᠨᠡᠶᠢᠲᠡᠯᠡᠭᠳᠡᠵᠦ᠂  ︽ᠮᠦᠽᠸᠢ ᠶᠢᠨ ᠳᠠᠷᠤᠭ᠎ᠠ ᠬᠤᠩᠱᠠᠨ ᠰᠤᠶᠤᠯ ᠢ ᠶᠠᠷᠢᠬᠤ   ᠨᠢ︾ ᠰᠢᠷᠢᠰ ᠪᠦᠲᠦᠭᠡᠯ ᠰᠤᠷᠤᠯᠴᠠᠯᠭ᠎ᠠ ᠶᠢᠨ ᠬᠦᠴᠦᠷᠬᠡᠭ ᠤᠯᠤᠰ ᠥᠪᠥᠷ ᠮᠤᠩᠭᠤᠯ ᠤᠨ ᠰᠤᠷᠤᠯᠴᠠᠯᠭ᠎ᠠ ᠶᠢᠨ ᠲᠠᠪᠴᠠᠩ ︽ᠤᠮᠠᠷᠠᠲᠤ ᠬᠢᠯᠢ ᠶᠢᠨ ᠰᠤᠶᠤᠯ︾ ᠲᠤᠰᠬᠠᠢ ᠪᠣᠯᠤᠩ ᠳᠤ ᠤᠷᠤᠪᠠ᠃
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号